ᠬᠤᠰᠢᠭᠤ ᠨᠠᠮ ᠤᠨ ᠬᠤᠷᠢᠶᠠᠨ ᠤ ᠳᠦᠷᠪᠡᠳᠦᠭᠡᠷ ᠳᠣᠭᠤᠷᠢᠨ ᠪᠠᠶᠢᠴᠠᠭᠠᠬᠤ ᠳᠣᠭᠤᠶᠢᠯᠠᠩ ᠠᠴᠠ ᠬᠤᠰᠢᠭᠤ ᠪᠠᠲᠤᠯᠠᠭᠠᠲᠤ ᠣᠷᠣᠨ ᠰᠠᠭᠤᠴᠠ ᠪᠠ ᠬᠡᠷ ᠬᠦᠷᠦᠩᠬᠡ ᠶᠢᠨ ᠠᠷᠠᠯᠵᠢᠶᠠᠨ ᠤ ᠬᠠᠮᠢᠶᠠᠷᠣᠯᠳᠠ ᠶᠢᠨ ᠲᠦᠪ ᠢ ᠳᠣᠭᠤᠷᠢᠨ ᠪᠠᠶᠢᠴᠠᠭᠠᠭᠰᠠᠨ ᠬᠠᠷᠢᠭᠤ ᠳᠣᠰᠬᠠᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2020-07-23
     7 ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠦᠷᠪᠡᠳᠦᠭᠡᠷ ᠳᠣᠭᠤᠷᠢᠨ ᠪᠠᠶᠢᠴᠠᠭᠠᠬᠤ ᠳᠣᠭᠤᠶᠢᠯᠠᠩ ᠠᠴᠠ ᠬᠤᠰᠢᠭᠤ ᠪᠠᠲᠤᠯᠠᠭᠠᠲᠤ ᠣᠷᠣᠨ ᠰᠠᠭᠤᠴᠠ ᠪᠠ ᠬᠡᠷ ᠬᠦᠷᠦᠩᠬᠡ ᠶᠢᠨ ᠠᠷᠠᠯᠵᠢᠶᠠᠨ ᠤ ᠬᠠᠮᠢᠶᠠᠷᠣᠯᠳᠠ ᠶᠢᠨ ᠲᠦᠪ ᠢ ᠳᠣᠭᠤᠷᠢᠨ ᠪᠠᠶᠢᠴᠠᠭᠠᠭᠰᠠᠨ ᠬᠠᠷᠢᠭᠤ ᠳᠣᠰᠬᠠᠯ ᠤᠨ ᠬᠤᠷᠠᠯ ᠬᠤᠷᠠᠯᠳᠣᠵᠦ ᠬᠤᠰᠢᠭᠤ ᠨᠠᠮ ᠤᠨ ᠬᠤᠷᠢᠶᠠᠨ ᠤ ᠳᠣᠭᠤᠷᠢᠨ ᠪᠠᠶᠢᠴᠠᠭᠠᠬᠤ ᠠᠵᠢᠯ ᠤᠨ ᠣᠳᠣᠷᠢᠳᠬᠤ ᠳᠣᠭᠤᠶᠢᠯᠠᠩ ᠤᠨ ᠳᠠᠷᠤᠭ᠎ᠠ᠂ ᠬᠤᠰᠢᠭᠤ ᠨᠠᠮ ᠤᠨ ᠬᠤᠷᠢᠶᠠᠨ ᠤ ᠳᠦᠷᠪᠡᠳᠦᠬᠡᠷ ᠳᠣᠭᠤᠷᠢᠨ ᠪᠠᠶᠢᠴᠠᠭᠠᠬᠤ ᠳᠣᠭᠤᠶᠢᠯᠠᠩ ᠤᠨ ᠳᠠᠷᠤᠭ᠎ᠠ ᠪᠠ ᠬᠡᠰᠢᠬᠦᠳ᠂ ᠬᠤᠰᠢᠭᠤ ᠪᠠᠳᠣᠯᠠᠭᠠᠳᠣ ᠣᠷᠣᠨ ᠰᠠᠭᠤᠴᠠ ᠪᠣᠯᠣᠨ ᠬᠡᠷ ᠬᠦᠷᠦᠩᠬᠡ ᠶᠢᠨ ᠠᠷᠠᠯᠵᠢᠶᠠᠨ ᠤ ᠬᠠᠮᠢᠶᠠᠷᠣᠯᠳᠠ ᠶᠢᠨ ᠳᠦᠪ ᠤᠨ ᠣᠳᠣᠷᠢᠳᠬᠤ ᠪᠠᠭ ᠤᠨ ᠬᠡᠰᠢᠬᠦᠨ᠂ ᠪᠦᠬᠦ ᠺᠠᠳ᠋ᠷ ᠠᠵᠢᠯᠳᠠᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠳᠦᠷᠪᠡᠳᠦᠬᠡᠷ ᠳᠣᠭᠤᠷᠢᠨ ᠪᠠᠶᠢᠴᠠᠭᠠᠬᠤ ᠳᠣᠭᠤᠶᠢᠯᠠᠩ ᠠᠴᠠ ᠬᠤᠰᠢᠭᠤ ᠪᠠᠲᠤᠯᠠᠭᠠᠲᠤ ᠣᠷᠣᠨ ᠰᠠᠭᠤᠴᠠ ᠪᠠ ᠬᠡᠷ ᠬᠦᠷᠦᠩᠬᠡ ᠶᠢᠨ ᠰᠣᠯᠢᠯᠴᠠᠭᠠᠨ ᠤ ᠬᠠᠮᠢᠶᠠᠷᠣᠯᠳᠠ ᠶᠢᠨ ᠳᠦᠪ ᠢ ᠳᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠳᠣᠰᠬᠠᠬᠤ ᠶᠢᠨ ᠬᠠᠮᠲᠣ ᠰᠠᠨᠠᠯ ᠰᠠᠨᠠᠭᠤᠯᠭ᠎ᠠ ᠳᠣᠷᠠᠳᠪᠠ᠃ ᠬᠤᠷᠠᠯ ᠠᠴᠠ ᠵᠢᠭᠠᠬᠤ ᠳᠠᠭᠠᠨ᠂ ᠣᠯᠣᠰ ᠳᠦᠷᠦ ᠶᠢᠨ ᠵᠣᠭᠰᠣᠴᠠ ᠪᠠ ᠣᠬᠠᠮᠰᠠᠷ ᠢᠶᠠᠨ ᠳᠡᠭᠡᠭᠰᠢᠯᠡᠬᠦᠯᠵᠦ ᠨᠠᠮ ᠤᠨ ᠳᠦᠪ ᠬᠤᠷᠢᠶᠠᠨ ᠤ ᠡᠷᠬᠡ ᠰᠦᠷ ᠪᠠ ᠨᠢᠬᠡᠳᠦᠯᠳᠡᠢ ᠣᠳᠣᠷᠢᠳᠣᠯᠭ᠎ᠠ ᠶᠢ ᠬᠠᠮᠠᠭᠠᠯᠠᠬᠤ ᠶᠢ ᠬᠠᠮᠤᠭ ᠤᠨ ᠶᠡᠭᠡ ᠣᠯᠣᠰ ᠳᠦᠷᠦ ᠪᠠ ᠦᠢᠯᠡᠳᠦᠯᠬᠡ ᠶᠢᠨ ᠳᠦᠷᠢᠮᠵᠢᠯ ᠪᠣᠯᠭᠠᠨ ︽ᠳᠦᠷᠪᠡᠨ ᠣᠬᠠᠮᠰᠠᠷ︾ ᠢᠶᠠᠨ ᠳᠠᠰᠣᠷᠠᠯᠳᠠ ᠦᠬᠡᠢ ᠳᠡᠬᠡᠭᠰᠢᠯᠡᠬᠦᠯᠵᠦ ︽ᠳᠦᠷᠪᠡᠨ ᠢᠳᠡᠭᠡᠯ︾ ᠢᠶᠠᠨ ᠪᠠᠳᠣᠳᠬᠠᠨ ᠨᠠᠮ ᠤᠨ ᠴᠢᠭᠯᠡᠯᠲᠡ ᠱᠣᠭᠤᠮ ᠪᠠ ᠨᠠᠮ ᠤᠨ ᠳᠦᠪ ᠬᠤᠷᠢᠶᠠᠨ ᠤ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠣᠯᠲᠠ ᠶᠢ ᠲᠤᠭᠤᠰᠢᠯᠠᠭᠤᠯᠤᠨ ᠨᠠᠶᠢᠳᠠᠪᠣᠷᠢᠵᠢᠭᠤᠯᠬᠤ ᠬᠡᠷᠡᠭᠲᠡᠢ᠃ ᠨᠠᠮ ᠤᠨ ᠬᠡᠰᠢᠬᠦᠨ ᠺᠠᠳ᠋ᠷᠴᠣᠳ  ᠵᠢᠱᠢᠶᠠᠴᠢ ᠦᠢᠯᠡᠳᠦᠯ ᠢᠶᠠᠨ ᠪᠠᠳᠠᠷᠠᠭᠤᠯᠵᠦ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠡᠬᠦᠷᠭᠡ ᠶᠢ ᠡᠬᠦᠷᠭᠡᠯᠡᠵᠦ ᠰᠢᠨ᠎ᠡ ᠪᠠᠶᠢᠳᠠᠯ ᠳᠣᠣᠷᠠᠬᠢ ᠨᠠᠮ ᠤᠨ ᠳᠣᠳᠣᠭᠠᠳᠣ ᠶᠢᠨ ᠵᠠᠷᠴᠢᠮ᠂ ᠬᠢᠨᠠᠯᠳᠠ ᠳᠠᠯᠪᠢᠬᠤ ᠳᠦᠷᠢᠮ ᠵᠡᠷᠬᠡ ᠶᠢ ᠡᠷᠡᠰ ᠴᠢᠩᠭ᠎ᠠ ᠬᠡᠷᠡᠭᠵᠢᠬᠦᠯᠵᠦ ᠨᠠᠮ ᠤᠨ ᠳᠣᠳᠣᠭᠠᠲᠣ ᠶᠢᠨ ᠣᠯᠣᠰ ᠳᠦᠷᠦ ᠶᠢᠨ ᠠᠮᠢ ᠠᠬᠤᠢ ᠶᠢ ᠴᠡᠪᠡᠷᠰᠢᠬᠦᠯᠬᠦ ᠬᠡᠷᠡᠭᠲᠡᠢ ᠬᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠯᠠᠪᠳᠠᠭᠤᠨ ᠪᠦᠲᠦᠮᠵᠢᠲᠡᠢ ᠠᠷᠭ᠎ᠠ ᠪᠠᠷᠢᠯ ᠢᠶᠠᠷ ᠳᠣᠭᠤᠷᠢᠨ ᠪᠠᠶᠢᠴᠠᠭᠠᠵᠦ ᠴᠡᠭᠴᠡᠯᠡᠨ ᠵᠠᠰᠠᠬᠤ ᠡᠬᠦᠷᠭᠡ ᠶᠢ ᠲᠤᠭᠤᠰᠢᠯᠠᠭᠤᠯᠵᠤ ᠨᠢᠬᠡᠳ ᠨᠢᠬᠡ ᠪᠠᠷ ᠬᠠᠷᠭᠤᠭᠤᠯᠵᠤ ᠴᠠᠭ ᠳᠣᠬᠠᠢ  ᠳᠤᠨᠢ ᠴᠡᠭᠴᠡᠯᠡᠨ ᠵᠠᠰᠠᠵᠦ ᠪᠦᠬᠦ ᠳᠠᠯ᠎ᠠ ᠪᠠᠷ ᠴᠡᠭᠴᠡᠯᠡᠨ ᠵᠠᠰᠠᠬᠤ ᠬᠡᠷᠡᠭᠲᠡᠢ᠂ ᠬᠤᠷᠠᠯ ᠤᠨ ᠳᠠᠷᠠᠭ᠎ᠠ ᠨᠠᠮ ᠤᠨ ᠵᠣᠬᠢᠶᠠᠨ ᠪᠠᠶᠢᠭᠤᠯᠣᠯᠳᠠ ᠶᠢᠨ ᠳᠣᠰᠬᠠᠢ ᠰᠡᠳᠣᠪᠲᠣ ᠬᠤᠷᠠᠯ ᠬᠤᠷᠠᠯᠳᠣᠭᠤᠯᠵᠦ ᠴᠡᠭᠴᠡᠯᠡᠨ ᠵᠠᠰᠠᠬᠤ ᠠᠵᠢᠯ ᠤᠨ ᠣᠳᠣᠷᠢᠳᠬᠤ ᠳᠣᠭᠤᠶᠢᠯᠠᠩ ᠢ ᠪᠠᠶᠢᠭᠤᠯᠵᠦ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠪᠠᠳᠣᠯᠠᠵᠦ ᠳᠣᠭᠤᠷᠢᠨ ᠪᠠᠶᠢᠴᠠᠭᠠᠯᠳᠠ ᠶᠢᠨ ᠦᠷ᠎ᠡ ᠪᠦᠲᠦᠮᠵᠢ ᠶᠢ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠪᠦᠲᠦᠮᠵᠢᠲᠡᠢ ᠠᠵᠢᠯᠯᠠᠭ᠎ᠠ ᠪᠣᠯᠭᠠᠨ ᠠᠵᠣ ᠠᠬᠤᠢ ᠨᠡᠶᠢᠬᠡᠮ ᠤᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠲᠡᠢ ᠬᠡᠪᠡ  ᠃      ᠬᠤᠷᠠᠯ ᠳᠡᠭᠡᠷ᠎ᠡ᠂ ᠬᠤᠰᠢᠭᠤ ᠪᠠᠲᠤᠯᠠᠭᠠᠲᠤ ᠣᠷᠣᠨ ᠰᠠᠭᠤᠴᠠ ᠪᠠ ᠬᠡᠷ ᠬᠦᠷᠦᠩᠬᠡ ᠶᠢᠨ ᠠᠷᠠᠯᠵᠢᠶᠠᠨ ᠤ ᠬᠠᠮᠢᠶᠠᠷᠣᠯᠳᠠ ᠶᠢᠨ ᠲᠦᠪ ᠤᠨ ᠬᠠᠷᠢᠭᠤᠴᠠᠯᠭᠠᠳᠠᠨ ᠠᠴᠠ ᠣᠪᠣᠷ ᠢᠶᠠᠨ ᠢᠯᠡᠳᠬᠡᠬᠦ ᠶᠠᠷᠢᠶ᠎ᠠ ᠳᠠᠯᠪᠢᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号