ᠦᠢᠯᠡᠰ ᠤᠨ ᠵᠠᠮ ᠳᠠᠭᠠᠨ ᠰᠣᠳᠣᠯᠭᠠᠠ ᠤ ᠪᠥᠳᠥᠭᠡᠯ ᠲᠠᠢ ᠬᠢᠯᠠᠷᠠᠭᠤᠯᠣᠨ᠎ᠠ
ᠨᠡᠶᠢᠲᠡᠯᠡᠭᠰᠡᠨ ᠴᠠᠭ᠄
2020-07-23
    ᠥᠥᠰᠢᠨ ᠬᠤᠰᠢᠭᠤᠨ ᠤ ᠤᠶᠤᠲᠠᠨ ᠤ ᠰᠢᠨ᠎ᠡ ᠶᠢ ᠡᠭᠦᠳᠬᠦ ᠥᠢᠯᠡᠰ ᠪᠤᠰᠬᠠᠬᠤ ᠬᠦᠷᠢᠶᠡᠯᠡᠩ ᠤᠨ ᠵᠢᠭᠠᠨ ᠵᠢᠯᠤᠭᠤᠳᠤᠭᠴᠢ ᠮᠥᠩᠬᠡᠵᠠᠪ ᠪᠠᠭᠰᠢ ᠶᠢ ᠲᠤᠷᠠᠳᠬᠤ ᠲᠠᠢ ᠵᠡᠷᠭᠡ ᠬᠦᠮᠥᠰ ᠲᠡᠭᠦᠨ ᠤ ᠠᠵᠢᠯᠯᠠᠵᠤ ᠠᠯᠪᠠᠯᠠᠵᠤ ᠪᠠᠶᠢᠭᠰᠠᠨ ᠥᠶ᠎ᠡ ᠪᠤᠯᠤᠨ ᠨᠠᠰᠣᠨ ᠤ ᠠᠮᠠᠷᠠᠯᠲᠠ ᠪᠠᠨ ᠠᠪᠤᠭᠰᠠᠨ ᠤ ᠳᠠᠷᠠᠭᠠᠬᠢ ᠥᠢᠯᠡᠰ ᠪᠥᠲᠥᠭᠡᠯ ᠢ ᠱᠠᠭᠰᠢᠨ ᠮᠠᠭᠲᠠᠵᠤ ᠪᠠᠶᠢᠳᠠᠭ ᠪᠢᠯᠠ ᠁
    ᠮᠥᠩᠬᠡᠵᠠᠪ ᠪᠠᠭᠰᠢ 1957 ᠤᠨ ᠳᠤ ᠥᠥᠰᠢᠨ ᠬᠤᠰᠢᠭᠤᠨ ᠤ ᠰᠥᠯᠳᠡ ᠰᠣᠮᠤᠨ ᠤ ᠴᠤᠤᠲᠠᠢ ᠭᠠᠴᠠᠭᠠᠨ ᠳᠤ ᠠᠴᠢᠲᠤ ᠠᠪᠤ ᠲᠥᠮᠡᠨᠵᠢᠷᠭᠠᠯ᠂ ᠡᠨᠡᠷᠢᠯᠳᠣ ᠡᠵᠢ ᠪᠥᠯᠳᠡᠭᠡᠷ ᠤᠨ ᠠᠷᠪᠠᠨ ᠬᠡᠤᠬᠡᠳ ᠤᠨ ᠶᠢᠰᠥᠳᠤᠭᠡᠷ ᠨᠢ ᠪᠤᠯᠵᠤ ᠵᠠᠶᠠᠭᠠᠭᠳᠠᠭᠠᠳ ᠨᠠᠢᠮᠠᠨ ᠨᠠᠰᠣᠨ ᠠᠴᠠ ᠪᠠᠨ ᠳᠣᠬᠠᠢ ᠶᠢᠨ ᠦᠶ᠎ᠡ ᠶᠢᠨ ᠭᠦᠴᠢᠷ ᠪᠡᠷᠬᠡᠰᠢᠶᠡᠯ ᠲᠠᠢ ᠴᠠᠭ ᠥᠶ᠎ᠡ ᠳᠠᠬᠢ ᠰᠣᠷᠭᠠᠭᠤᠯᠢ ᠶᠢᠨ ᠮᠥᠷ ᠢ ᠬᠠᠶᠢᠵᠤ᠂ ᠳᠣᠮᠳᠠᠳᠣ ᠰᠣᠷᠭᠠᠭᠤᠯᠢ ᠪᠠᠨ ᠲᠡᠭᠦᠰᠭᠡᠭᠡᠳ ᠶᠠᠳᠠᠭᠤ ᠶᠠᠳᠠᠭᠤᠯᠢᠭ ᠮᠠᠯᠴᠢᠨ ᠤ ᠳᠠᠬᠢᠨ ᠰᠤᠷᠭᠠᠨ ᠬᠦᠮᠥᠵᠢᠯ ᠢ ᠬᠦᠷᠲᠡᠬᠦ ᠪᠠᠷ ᠬᠦᠳᠡᠭᠡ ᠪᠠᠭᠤᠵᠠᠢ᠃ ᠬᠦᠳᠡᠭᠡ ᠪᠠᠭᠤᠭᠰᠠᠨ ᠬᠤᠭᠤᠴᠠᠭᠠᠨ ᠳᠠᠭᠠᠨ ᠲᠡᠷᠡ ᠠᠷᠠᠳ ᠠᠴᠠ ᠡᠷᠬᠢᠯᠡᠭᠰᠡᠨ ᠪᠠᠭ᠎ᠠ ᠰᠣᠷᠭᠠᠭᠤᠯᠢ ᠳᠤ ᠪᠠᠭᠰᠢᠯᠠᠵᠤ ᠴᠢᠯᠤᠭᠡ ᠵᠠᠪ ᠲᠠᠭᠠᠨ ᠰᠣᠷᠣᠭᠴᠢᠳ ᠤᠨ ᠰᠢᠷᠡᠭᠡ ᠰᠠᠨᠳᠠᠯᠢ ᠶᠢ ᠰᠡᠯᠪᠢᠨ ᠵᠠᠰᠠᠬᠤ᠂ ᠮᠠᠰᠢᠨ ᠮᠧᠬᠠᠨᠢᠭ ᠲᠠᠢ ᠣᠷᠣᠯᠳᠣᠬᠤ ᠵᠡᠷᠭᠡ ᠰᠠᠶᠢᠨ ᠳᠣᠷ᠎ᠠ ᠶᠢᠨ ᠠᠵᠢᠯ ᠢ ᠬᠢᠳᠡᠭ ᠪᠠᠶᠢᠯ᠎ᠠ᠃ 1977 ᠣᠨ ᠳᠤ ᠶᠡᠭᠡ ᠵᠣᠣ ᠠᠶᠢᠮᠠᠭ ᠤᠨ ᠪᠠᠭᠰᠢ ᠶᠢᠨ ᠰᠣᠷᠭᠠᠭᠤᠯᠢ ᠳᠤ ᠰᠢᠯᠭᠠᠨ ᠣᠷᠣᠵᠣ ᠰᠢᠯᠢᠳᠡᠭ ᠬᠢᠷᠢ ᠪᠥᠳᠣᠮᠵᠢ ᠪᠠᠷ ᠰᠣᠷᠣᠯᠭ᠎ᠠ ᠲᠡᠭᠦᠰᠴᠦ᠂ ᠥᠥᠰᠢᠨ ᠬᠤᠰᠢᠭᠤᠨ ᠤ ᠲᠤᠯᠢ ᠰᠣᠷᠭᠠᠭᠤᠯᠢ ᠳᠤ ᠠᠵᠢᠯ ᠤᠨ ᠭᠠᠷᠤᠭ᠎ᠠ ᠪᠠᠨ ᠠᠪᠴᠥ᠂ ᠠᠩᠬ᠎ᠠ ᠳᠣᠮᠳᠠᠳᠣ ᠶᠢᠨ ᠬᠢᠮᠢ᠂ ᠹᠢᠽᠢᠺ ᠤᠨ ᠭᠢᠴᠢᠶᠡᠯ ᠣᠷᠣᠬᠤ ᠶᠢᠨ ᠬᠠᠮᠳᠤ ᠰᠣᠷᠭᠠᠭᠤᠯᠢ ᠶᠢᠨ ᠬᠤᠰᠢᠭᠤᠴᠢ ᠠᠩᠭᠢ ᠶᠢᠨ ᠬᠠᠪᠰᠣᠷᠣᠨ ᠵᠢᠯᠤᠭᠤᠳᠣᠭᠴᠢ ᠪᠠᠭᠰᠢ ᠪᠤᠯᠪᠠ᠃ ᠲᠡᠷᠡ ᠰᠣᠷᠭᠠᠭᠤᠯᠢ ᠶᠢᠨ ᠣᠳᠣᠷᠢᠳᠣᠯᠭ᠎ᠠ ᠲᠠᠢ ᠪᠠᠨ ᠬᠠᠷᠢᠯᠴᠠᠵᠤ ᠰᠢᠨᠵᠢᠯᠡᠬᠦ ᠤᠬᠠᠭᠠᠨ ᠤ ᠡᠭᠦᠳᠣᠯᠲᠡ ᠶᠢᠨ ᠭᠡᠷ ᠭᠠᠷᠭᠠᠵᠤ ᠰᠣᠷᠣᠭᠴᠢᠳ ᠲᠠᠢ ᠬᠠᠮᠲᠤ ᠰᠢᠨᠵᠢᠯᠡᠬᠦ ᠤᠬᠠᠭᠠᠨ ᠤ ᠳᠣᠷ᠎ᠠ ᠰᠣᠨᠢᠷᠬᠠᠯ ᠤᠨ ᠠᠵᠢᠯᠯᠠᠭ᠎ᠠ ᠶᠢ ᠥᠷᠨᠢᠭᠦᠯᠥᠭᠡᠳ 1981 ᠣᠨ ᠳᠤ ᠪᠥᠬᠦ ᠠᠶᠢᠮᠠᠭ ᠤᠨ ᠠᠩᠬᠠᠳᠠᠭᠴᠢ ︽ᠵᠠᠯᠠᠭᠤᠴᠤᠳ ᠪᠠᠭᠠᠴᠤᠳ ᠤᠨ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠯᠠᠭᠠᠨ ᠤ ᠦᠷᠦᠭᠡ︾ ᠶᠢ ᠪᠠᠶᠢᠭᠤᠯᠵᠤ᠂ 1982 ᠤᠨ ᠳᠤ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠣᠬᠠᠭᠠᠨ ᠮᠡᠷᠭᠡᠵᠢᠯ ᠤᠨ ᠰᠢᠯᠢᠳᠡᠭ ᠬᠠᠪᠰᠣᠷᠣᠨ ᠵᠢᠯᠤᠭᠤᠳᠤᠭᠴᠢ ᠪᠠᠭᠰᠢ ᠪᠠᠷ ᠥᠨᠡᠯᠡᠭᠳᠡᠵᠥ ᠢᠷᠠᠭᠤ ᠠᠯᠳᠠᠷ ᠤᠨ ᠥᠨᠡᠮᠯᠡᠯ ᠳᠣᠰᠣᠭᠰᠠᠨ ᠪᠠᠶᠢᠨ᠎ᠠ᠃ ᠮᠥᠨ ᠴᠥ ᠡᠨᠡ ᠬᠦ ᠳᠠᠶᠢᠴᠢᠯᠠᠯᠲᠠ ᠳᠠᠭᠠᠭᠤᠯᠭ᠎ᠠ ᠪᠠᠷ ᠲᠣᠯᠢ ᠰᠤᠷᠭᠠᠭᠤᠯᠢ ᠨᠢ ᠨᠠᠶᠠᠭᠠᠳ ᠣᠨ ᠠᠴᠠ ᠬᠡᠳᠣᠨ ᠵᠢᠯ ᠳᠠᠷᠠᠭᠠᠯᠠᠨ ᠰᠣᠷᠣᠭᠴᠢᠳ ᠤᠨ ᠰᠢᠨᠵᠢᠯᠡᠬᠦ ᠤᠬᠠᠭᠠᠨ ᠤ ᠡᠭᠦᠳᠣᠯᠲᠡ ᠪᠥᠲᠥᠭᠡᠯ ᠤᠨ ᠲᠡᠷᠢᠭᠦᠨ ᠤ ᠨᠢᠭᠡᠴᠢ ᠪᠤᠯᠵᠤ ᠬᠤᠰᠢᠭᠤ᠂ ᠠᠶᠢᠮᠠᠭ᠂ ᠣᠷᠣᠨ ᠴᠢᠨᠠᠬᠰᠢᠯᠠᠨ ᠪᠥᠬᠦ ᠣᠯᠣᠰ ᠤᠨ ᠱᠠᠩᠨᠠᠯ ᠭᠦᠬᠢᠭᠦᠯᠥᠯ ᠢ ᠬᠦᠷᠲᠡᠵᠤ᠂ ᠲᠤᠭᠤᠷᠢᠨ ᠥᠵᠡᠭᠴᠢᠳ ᠤᠨ ᠬᠠᠷᠠᠭᠠᠨ ᠤ ᠴᠢᠮᠡᠭ ᠪᠤᠯᠵᠤ᠂ ᠰᠣᠨᠢᠨ ᠮᠡᠳᠡᠭᠡᠨ ᠤ ᠬᠢᠨ ᠤ ᠰᠣᠷᠪᠤᠯᠵᠢᠯᠠᠭ᠎ᠠ ᠶᠢ ᠬᠦᠯᠢᠶᠡᠵᠦ ᠣᠯᠣᠰ ᠳᠠᠶᠠᠭᠠᠷ ᠲᠤ ᠠᠯᠳᠠᠷᠰᠢᠭᠰᠠᠨ ᠪᠠᠶᠢᠨ᠎ᠠ᠃ 1983 ᠤᠨ ᠳᠤ ᠮᠥᠩᠬᠡᠵᠠᠪ ᠪᠠᠭᠰᠢ ᠪᠦᠬᠦ ᠣᠷᠣᠨ ᠤ ᠬᠡᠤᠬᠡᠳ ᠪᠠᠭᠠᠴᠤᠳ ᠤᠨ ᠰᠢᠯᠢᠳᠡᠭ ᠵᠢᠭᠠᠨ ᠵᠢᠯᠤᠭᠤᠳᠤᠭᠴᠢ ᠪᠠᠭᠰᠢ ᠪᠠᠷ ᠥᠨᠡᠯᠡᠭᠳᠡᠵᠦ ᠱᠠᠩᠨᠠᠯ ᠭᠦᠬᠢᠭᠦᠯᠥᠯ ᠢᠶᠠᠷ ᠡ᠊ᠩᠭᠡᠷ ᠢᠶᠠᠨ ᠮᠢᠯᠢᠶᠠᠯᠭᠠᠵᠤ ᠠᠯᠳᠠᠷ ᠨᠠᠷ᠎ᠡ ᠪᠠᠨ ᠳᠠᠭᠤᠷᠢᠰᠢᠭᠤᠯᠤᠭᠰᠠᠨ ᠠᠴᠠ 1984 ᠤᠨ ᠳᠤ ᠵᠤᠬᠢᠶᠠᠨ ᠪᠠᠶᠢᠭᠤᠯᠤᠯᠲᠠ ᠠᠴᠠ ᠲᠡᠭᠦᠨ ᠢ ᠥᠥᠰᠢᠨ ᠬᠤᠰᠢᠭᠤᠨ ᠤ ᠡᠪᠯᠡᠯ ᠤᠨ ᠬᠤᠷᠢᠶᠠᠨ ᠤ ᠳᠡᠳ᠋ ᠱᠦᠵᠢ ᠪᠠᠷ ᠳᠡᠪᠰᠢᠭᠦᠯᠪᠡ ᠃ ᠲᠡᠷᠡ ᠪᠥᠬᠦ ᠬᠤᠰᠢᠭᠤᠨ ᠤ ᠵᠠᠯᠠᠭᠤᠴᠤᠳ ᠪᠠᠭᠠᠴᠤᠳ ᠤᠨ ᠰᠢᠨᠵᠢᠯᠡᠬᠦ ᠣᠬᠠᠭᠠᠨ ᠮᠡᠷᠭᠡᠵᠢᠯ ᠤᠨ ᠳᠣᠷᠰᠢᠯᠲᠠ᠂ ᠰᠢᠨᠵᠢᠯᠡᠬᠦ ᠤᠬᠠᠭᠠᠨ ᠤ ᠡᠭᠦᠳᠣᠯᠲᠡ ᠪᠥᠲᠥᠭᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠬᠤᠰᠢᠭᠤᠨ ᠤ ᠵᠠᠯᠠᠭᠤᠴᠤᠳ ᠪᠠᠭᠠᠴᠣᠳ ᠤᠨ ᠤᠷᠳᠤᠨ ᠵᠢᠴᠢ ᠡᠯ᠎ᠡ ᠰᠣᠷᠭᠠᠭᠤᠯᠢ ᠨᠤᠭᠤᠳ ᠢᠶᠠᠷ ᠬᠦᠷᠴᠦ ᠰᠢᠨᠵᠢᠯᠡᠬᠦ ᠣᠬᠠᠭᠠᠨ ᠤ ᠡᠭᠦᠳᠣᠯᠲᠡ ᠪᠥᠲᠥᠭᠡᠯ ᠢ ᠬᠢᠬᠦ ᠶᠢ ᠰᠣᠷᠲᠠᠯᠴᠢᠯᠠᠵᠤ ᠪᠡᠶᠡᠴᠢᠯᠡᠨ ᠵᠢᠯᠤᠭᠤᠳᠣᠭᠰᠠᠨ ᠪᠠᠶᠢᠨ᠎ᠠ᠃ 1986 ᠣᠨ ᠳᠤ ᠬᠤᠰᠢᠭᠤ ᠡᠪᠯᠡᠯ ᠤᠨ ᠬᠤᠷᠢᠶᠠᠨ ᠤ ᠳᠡᠳ᠋ ᠱᠥᠵᠢ ᠠᠴᠠ ᠪᠠᠨ ᠱᠥᠵᠢ ᠪᠤᠯᠵᠤ᠂ 1987 ᠣᠨ ᠳᠤ ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠤᠩᠭᠤᠯ ᠤᠨ ᠥᠪᠡᠷᠳᠡᠭᠡᠨ ᠵᠠᠰᠠᠬᠤ ᠣᠷᠣᠨ ᠤ ᠨᠠᠢᠮᠠᠳᠣᠭᠠᠷ ᠬᠤᠭᠤᠴᠠᠭᠠᠨ ᠤ ᠵᠥᠪᠯᠡᠯ ᠤᠨ ᠭᠡᠰᠢᠭᠦᠨ ᠢᠶᠠᠷ ᠰᠣᠩᠭᠤᠭᠳᠠᠵᠤ᠂ 1988 ᠤᠨ ᠳᠤ ᠲᠥᠪ ᠤᠨ ᠡᠪᠯᠡᠯ ᠤᠨ ᠰᠣᠷᠭᠠᠭᠤᠯᠢ ᠳᠤ ᠰᠣᠷᠣᠯᠴᠠᠪᠠ᠃ ᠰᠣᠷᠣᠯᠴᠠᠵᠤ ᠪᠠᠶᠢᠬᠤ ᠬᠤᠭᠤᠴᠠᠭᠠᠨ ᠳᠠᠭᠠᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠷᠪᠠᠨ ᠬᠤᠶᠠᠳᠣᠭᠠᠷ ᠬᠤᠭᠤᠴᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠵᠤ ᠨᠠᠮ ᠪᠠ ᠲᠥᠷᠥ ᠶᠢᠨ ᠤᠳᠣᠷᠢᠳᠣᠯᠭ᠎ᠠ ᠲᠠᠢ ᠠᠭᠤᠯᠵᠠᠭᠰᠠᠨ ᠪᠥᠭᠡᠳ ᠪᠦᠬᠦ ᠤᠯᠤᠰ ᠤᠨ ᠠᠩᠬᠠᠳᠤᠭᠠᠷ ᠣᠳᠠᠭᠠᠨ ᠤ ︽5 · 4︾ ᠤ ᠵᠠᠯᠠᠭᠤᠴᠤᠳ ᠤᠨ ᠢᠷᠠᠭᠤ ᠠᠯᠳᠠᠷ ᠤᠨ ᠮᠧᠳᠡᠯ ᠭᠦᠷᠲᠡᠭᠰᠡᠨ ᠪᠠᠶᠢᠨ᠎ᠠ᠃ ᠮᠥᠩᠬᠡᠵᠠᠪ ᠪᠠᠭᠰᠢ ᠶᠢᠨ ᠰᠢᠷᠭᠠᠭᠤ ᠴᠢᠷᠮᠠᠶᠢᠯᠭ᠎ᠠ᠂ ᠰᠢᠨᠲᠠᠷᠠᠰᠢ ᠥᠭᠡᠢ ᠵᠤᠷᠢᠭ ᠰᠥᠰᠥ ᠶᠢ ᠵᠤᠬᠢᠶᠠᠨ ᠪᠠᠶᠢᠭᠤᠯᠤᠯᠲᠠ ᠠᠴᠠ ᠭᠦ᠋ᠨᠳᠥᠳᠭᠡᠨ ᠥᠵᠡᠵᠥ᠂ ᠲᠡᠭᠦᠨ ᠢ ᠬᠠᠮᠢᠭ᠎ᠠ ᠬᠡᠷᠡᠭᠴᠡᠭᠡ ᠲᠠᠢ ᠪᠤᠯ ᠲᠡᠨᠳᠡ ᠠᠵᠢᠯ ᠳᠣᠬᠢᠷᠠᠭᠤᠯᠳᠠᠭ ᠪᠤᠯᠵᠠᠢ᠃ ᠲᠡᠷᠡ 1989 ᠤᠨ ᠠᠴᠠ ᠤᠯᠠᠭᠠᠨᠳᠣᠯᠣᠭᠠᠢ ᠰᠣᠮᠣᠨ ᠤ ᠨᠠᠮ ᠤᠨ ᠬᠤᠷᠢᠶᠠᠨ ᠤ ᠱᠥᠵᠢ᠂ ᠬᠤᠰᠢᠭᠤ ᠮᠠᠯ ᠠᠵᠤ ᠠᠬᠤᠢ ᠶᠢᠨ ᠳᠣᠪᠴᠢᠶᠠᠨ ᠤ ᠳᠠᠷᠤᠭ᠎ᠠ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠥᠵᠢ᠂ ᠬᠢᠨᠠᠨ ᠪᠠᠶᠢᠴᠠᠭᠠᠬᠤ ᠳᠣᠪᠴᠢᠶᠠᠨ ᠤ ᠳᠠᠷᠤᠭ᠎ᠠ᠂ ᠠᠷᠠᠳ ᠤᠨ ᠶᠠᠪᠤᠳᠠᠯ ᠤᠨ ᠳᠣᠪᠴᠢᠶᠠᠨ ᠳᠠᠷᠤᠭ᠎ᠠ ᠵᠡᠷᠭᠡ ᠵᠤᠬᠢᠶᠠᠨ ᠪᠠᠶᠢᠭᠤᠯᠤᠯᠲᠠ ᠶᠢᠨ ᠡᠭᠦᠷᠭᠡ ᠳᠣᠰᠢᠶᠠᠯ ᠢ ᠵᠤᠷᠢᠭᠲᠠᠢ ᠬᠦᠯᠢᠶᠡᠨ ᠠᠮᠵᠢᠯᠲᠠᠲᠠᠢ ᠬᠢᠭᠰᠡᠭᠡᠷ ᠢᠷᠡᠭᠰᠡᠡ ᠪᠠᠶᠢᠨ᠎ᠠ ᠁
    1998 ᠣᠨ ᠳᠤ ᠲᠡᠷᠡ ᠵᠤᠬᠢᠶᠠᠨ ᠪᠠᠶᠢᠭᠤᠯᠤᠯᠲᠠ᠂ ᠨᠠᠶᠢᠵᠠ ᠨᠥᠭᠦᠳ᠂ ᠲᠥᠷᠥᠯ ᠰᠠᠳᠣᠨ ᠤ ᠪᠠᠨ ᠢᠳᠬᠠᠯ ᠬᠤᠷᠢᠭᠯᠠᠯ ᠢ ᠥᠯᠥ ᠬᠠᠶᠢᠬᠤᠷᠣᠨ ᠵᠠᠯᠠᠭᠤ ᠨᠢᠭᠡᠨ ᠥᠶ᠎ᠡ ᠶᠢᠨ ᠬᠢᠨ ᠳᠤ ᠠᠵᠢᠯ ᠤᠨ ᠪᠠᠶᠢᠷᠢ ᠪᠠᠨ ᠰᠣᠯᠠᠯᠠᠨ ᠥᠭᠴᠥ᠂ ᠥᠪᠡᠷ ᠲᠡᠭᠡᠨ ᠥᠢᠯᠡᠰ ᠪᠤᠰᠬᠠᠬᠤ ᠶᠢ ᠵᠤᠷᠢᠨ ᠲᠥᠷᠥᠯ ᠰᠠᠳᠤᠨ᠂ ᠨᠠᠶᠢᠵᠠ ᠨᠥᠭᠦᠳ᠂ ᠪᠠᠩᠭᠢ ᠠᠴᠠ ᠵᠢᠭᠡᠯᠡᠯᠭᠡ ᠠᠪᠴᠦ ᠭᠡᠷᠭᠡᠢ ᠬᠡᠤᠬᠡᠳ ᠢᠶᠠᠨ ᠳᠠᠭᠠᠭᠤᠯᠤᠨ ᠳ᠋ᠥᠩᠱᠧᠩ ᠲᠤᠭᠤᠷᠢᠭ ᠲᠤ ᠢᠷᠡᠵᠤ ︽ᠣᠰᠣᠨ ᠪᠤᠯᠤᠷ︾ ᠠᠮᠢ ᠠᠬᠤᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠡᠭᠦᠰᠭᠡᠨ ᠪᠠᠶᠢᠭᠤᠯᠵᠤ᠂ ᠵᠤᠬᠢᠬᠤ ᠬᠡᠮᠵᠢᠶᠡᠨ ᠤ ᠠᠰᠢᠭ ᠤᠷᠤᠯᠭ᠎ᠠ ᠤᠯᠤᠭᠰᠠᠨ ᠰᠠᠭᠤᠷᠢᠨ ᠳᠡᠭᠡᠷ᠎ᠡ 2005 ᠣᠨ ᠳᠤ ᠺᠤᠮᠫᠠᠨᠢ ᠪᠠᠨ ᠥᠷᠭᠡᠳᠭᠡᠨ ᠡᠵᠠᠨ ᠬᠤᠷᠤᠭ᠎ᠠ ᠬᠤᠰᠢᠭᠤᠨ ᠳᠤ ︽ᠠᠰᠢᠭᠲᠠᠢ︾ ᠴᠡᠪᠡᠷ ᠣᠰᠣᠨ ᠤ ᠺᠣᠮᠫᠠᠨᠢ ᠶᠢ ᠪᠠᠶᠢᠭᠤᠯᠵᠤ ᠤᠯᠠᠨ ᠲᠥᠮᠡᠨ ᠤ ᠴᠡᠪᠡᠷ ᠣᠰᠣ ᠤᠣᠭᠤᠬᠤ ᠳᠤ ᠲᠥᠭᠦᠮ ᠪᠤᠯᠭᠠᠭᠰᠠᠨ ᠪᠥᠭᠡᠳ ᠠᠵᠢᠯ ᠥᠭᠡᠢ ᠬᠥᠮᠥᠰ ᠲᠤ ᠠᠵᠢᠯ ᠤᠯᠭᠤᠵᠤ᠂ ᠡᠨᠡ ᠬᠤᠭᠤᠴᠠᠭᠠᠨ ᠳᠤ ᠣᠯᠣᠰ ᠲᠤ 20 ᠭᠠᠷᠤᠢ ᠲᠥᠮᠡᠨ ᠲᠥᠭᠦᠷᠢᠭ ᠤᠨ ᠭᠠᠶᠢᠯᠢ ᠲᠤᠰᠢᠶᠠᠠ ᠠᠮᠵᠢᠯᠲᠠ ᠪᠦᠳᠦᠮᠵᠢ ᠲᠠᠢ ᠶᠠᠪᠤᠵᠤ᠂ 2014 ᠤᠨ ᠳᠤ ᠨᠤᠲᠤᠭ ᠲᠠᠭᠠᠨ ᠪᠤᠴᠠᠬᠤ ᠶᠢ ᠵᠤᠷᠢᠵᠤ᠂ ᠺᠤᠮᠫᠠᠨᠢ ᠪᠠᠨ ᠪᠤᠰᠤᠳ ᠲᠤ ᠰᠢᠯᠵᠢᠭᠦᠯᠤᠨ ᠥᠭᠪᠡ᠃
    ᠳᠣᠷ᠎ᠠ ᠪᠠᠬ᠎ᠠ ᠠᠵᠢᠯ ᠥᠢᠯᠡᠰ ᠢ ᠬᠦᠳᠥᠯᠳᠡᠭ ᠤᠨ ᠵᠢᠮ᠎ᠡ ᠪᠠᠷ ᠶᠠᠮᠠᠷ ᠠᠵᠢᠯ ᠢ ᠬᠢᠭᠰᠡᠨ ᠴᠤ ᠠᠮᠵᠢᠯᠲᠠ ᠣᠯᠳᠠᠭ ᠮᠥᠩᠬᠡᠵᠠᠪ ᠪᠠᠭᠰᠢ ᠥᠰᠴᠥ ᠲᠥᠷᠥᠭᠰᠡᠨ ᠥᠯᠥᠭᠡᠢ ᠨᠤᠲᠤᠭ ᠥᠥᠰᠢᠨ ᠨᠤᠳᠤᠬ ᠲᠠᠭᠠᠨ ᠪᠤᠴᠠᠬᠰᠠᠨ ᠤ ᠲᠠᠷᠠᠭ᠎ᠠ ᠰᠢᠨ᠎ᠡ ᠶᠢ ᠡᠭᠦᠳᠬᠦ ᠵᠤᠷᠢᠭ ᠰᠠᠨᠠᠭ᠎ᠠ ᠪᠠᠷ ᠡᠷᠡᠭᠦᠯ ᠬᠠᠮᠠᠭᠠᠯᠠᠯ ᠳᠤ ᠠᠰᠢᠭᠲᠠᠢ᠂ ᠴᠠᠢ ᠶᠢᠨ ᠰᠢᠭᠠᠷᠣ ᠱᠥᠭᠦᠬᠦ ᠨᠠᠩᠬᠤ ᠶᠢᠨ ᠱᠥᠭᠦᠯᠲᠡ ᠲᠠᠢ ᠲᠠᠭᠯᠠᠭ᠎ᠠ᠂ ᠰᠠᠭᠠᠯᠢᠴᠢᠨ ᠬᠦᠮᠥᠰ ᠲᠤ ᠵᠤᠷᠢᠭᠤᠯᠤᠨ ᠴᠥᠷᠮ᠎ᠡ ᠰᠢᠬᠠᠬᠤ ᠴᠠᠬᠢᠯᠭᠠᠨ ᠴᠡᠨᠡᠭᠯᠡᠯ ᠲᠠᠢ ᠪᠠ ᠴᠠᠬᠢᠯᠭᠠᠨ ᠴᠡᠨᠡᠭᠯᠡᠯ ᠥᠭᠡᠢ ᠬᠤᠶᠠᠷ ᠲᠥᠷᠥᠯ ᠤᠨ ᠴᠥᠷᠮ᠎ᠡ ᠰᠢᠬᠠᠬᠤ ᠪᠠᠭᠠᠵᠢ ᠶᠢ ᠰᠣᠳᠣᠯᠣᠨ ᠭᠠᠷᠭᠠᠵᠤ᠂ ᠣᠯᠣᠰ ᠤᠨ ᠳᠣᠰᠬᠠᠢ ᠠᠰᠢᠭ ᠤᠨ ᠡᠷᠭᠡ ᠶᠢᠨ ᠭᠡᠷᠡᠴᠢ ᠲᠡᠮᠲᠡᠭ ᠢ ᠣᠯᠵᠣ᠂ ᠣᠯᠣᠰ ᠤᠨ ᠮᠡᠳᠡᠯᠭᠡ ᠶᠢᠨ ᠡᠷᠬᠡ ᠶᠢᠨ ᠳᠣᠪᠴᠢᠶᠠᠨ ᠳᠤ ᠪᠥᠷᠢᠳᠭᠡᠭᠦᠯᠥᠨ ᠥᠢᠯᠡᠳᠥᠭᠰᠡᠨ ᠢᠶᠠᠷ ᠪᠤᠷᠤᠯᠠᠭᠤᠯᠭ᠎ᠠ ᠰᠠᠶᠢᠲᠠᠢ᠂ ᠬᠡᠷᠡᠭᠯᠡᠭᠴᠢ ᠤᠯᠠᠨ ᠤ ᠬᠠᠯᠠᠭᠤᠨ ᠬᠦᠷᠢᠶᠡᠯᠡᠯ ᠢ ᠤᠯᠵᠦ ᠪᠠᠶᠢᠬᠤ ᠪᠠᠷ ᠪᠠᠷᠠᠬᠤ ᠥᠭᠡᠢ ᠡᠯ᠎ᠡ ᠵᠥᠢᠯ ᠤᠨ ᠮᠠᠨᠤ᠂ ᠠᠯᠠᠱᠠ ᠴᠢᠯᠠᠭᠤ ᠪᠤᠯᠤᠨ ᠰᠢᠨᠳᠡᠨ᠂ ᠶᠠᠰᠢᠯ᠂ ᠽᠠᠨᠳᠠᠨ ᠵᠡᠷᠭᠡ ᠮᠤᠳᠤ ᠪᠠᠷ ᠮᠣᠩᠭᠤᠯ ᠡᠯᠧᠮᠧᠨ᠋ᠲ ᠠᠭᠤᠰᠣᠭᠰᠠᠨ ᠭᠦᠬᠦᠣᠷ ᠵᠠᠰᠠᠨ᠂ ᠮᠥᠩᠭᠦ ᠱᠢᠷᠣ ᠶᠢᠨ ᠪᠥᠲᠥᠴᠡ ᠲᠠᠢ ᠲᠤᠭ ︵ᠪᠥᠭᠯᠡᠭᠡ︶ ᠲᠠᠭᠠᠷᠠᠭᠤᠯᠤᠨ ᠵᠠᠰᠠᠵᠤ᠂ ᠬᠡᠷᠡᠭᠯᠡᠭᠴᠢᠳ ᠤᠨ ᠲᠠᠭᠠᠰᠢᠶᠠᠯ ᠳᠤ ᠭᠦᠷᠴᠦ ᠪᠠᠶᠢᠭ᠎ᠠ ᠪᠤᠯᠬᠤᠷ ᠣᠯᠣᠰ ᠤᠨ ᠳᠣᠰᠬᠠᠢ ᠠᠰᠢᠭ ᠤᠨ ᠡᠷᠬᠡ ᠶᠢ ᠣᠯᠬᠤ ᠪᠠᠷ ᠭᠤᠶᠤᠴᠢᠯᠠᠭᠠᠳ ᠪᠠᠶᠢᠨ᠎ᠠ᠃
    ᠮᠥᠩᠬᠡᠵᠠᠪ ᠪᠠᠭᠰᠢ ᠥᠪᠡᠷ ᠤᠨ ᠳᠣᠷ᠎ᠠ ᠰᠣᠨᠢᠷᠬᠠᠯ ᠲᠠᠢ ᠵᠥᠢᠯ ᠢᠶᠠᠨ ᠵᠤᠷᠢᠭᠲᠠᠢ ᠰᠣᠳᠣᠯᠣᠨ ᠬᠢᠬᠦ ᠶᠢᠨ ᠬᠠᠮᠲᠤ ᠥᠥᠰᠢᠨ ᠤ ᠣᠷᠴᠢᠨ ᠥᠶ᠎ᠡ ᠶᠢᠨ ᠠᠯᠳᠠᠷᠲᠤ ᠰᠢᠯᠥᠭᠴᠢ ᠭᠡᠰᠢᠭᠪᠡᠲᠦ ᠶᠢᠨ ᠰᠣᠶᠣᠯ ᠤᠨ ᠭᠦᠭᠵᠢᠯᠲᠡ ᠶᠢᠨ ᠨᠡᠶᠢᠬᠡᠮᠯᠢᠭ ᠢ ᠡᠭᠦᠰᠭᠡᠨ ᠪᠠᠶᠢᠭᠤᠯᠵᠤ᠂ ᠲᠡᠭᠦᠨ ᠤ ᠪᠠᠶᠢᠩᠭᠤ ᠶᠢᠨ ᠡᠷᠬᠢᠯᠡᠭᠴᠢ᠂ ᠥᠥᠰᠢᠨ ᠬᠤᠰᠢᠭᠤᠨ ᠤ ᠴᠠᠭᠠᠨ ᠰᠥᠯᠳᠡ ᠶᠢᠨ ᠲᠠᠬᠢᠯᠭ᠎ᠠ ᠶᠢᠨ ᠰᠣᠶᠣᠯ ᠤᠨ ᠨᠡᠶᠢᠬᠡᠮᠯᠢᠭ ᠤᠨ ᠳᠡᠳ᠋ ᠲᠡᠷᠢᠭᠦᠯᠡᠭᠴᠢ᠂ ᠬᠠᠳᠠᠭᠢᠨ ᠠᠷᠪᠠᠨ ᠭᠤᠷᠪᠠᠨ ᠠᠲᠠᠭ᠎ᠠ ᠲᠡᠭᠷᠢ ᠶᠢᠨ ᠳᠠᠬᠢᠯᠭ᠎ᠠ ᠶᠢᠨ ᠨᠡᠶᠢᠬᠡᠮᠯᠢᠭ ᠤᠨ ᠭᠡᠰᠢᠭᠦᠨ ᠵᠡᠷᠭᠡ ᠨᠡᠶᠢᠬᠡᠮ ᠤᠨ ᠡᠭᠦᠷᠭᠡ ᠶᠢ ᠡᠭᠦᠷᠭᠡᠯᠡᠵᠤ ᠪᠠᠶᠢᠨ᠎ᠠ᠃ ᠴᠢᠨᠠᠭᠰᠢᠳᠠ ᠨᠡᠶᠢᠬᠡᠮ ᠤᠨ ᠰᠣᠶᠣᠯ ᠵᠠᠩ ᠥᠢᠯᠡ ᠶᠢᠨ ᠠᠵᠢᠯ ᠳᠤ ᠭᠠᠷᠮᠠᠭᠠᠶᠢᠯᠠᠨ ᠤᠷᠤᠯᠴᠠᠵᠤ ᠪᠠᠶᠢᠬᠤ ᠮᠥᠷᠳᠡᠭᠡᠨ ᠥᠥᠰᠢᠨ ᠬᠤᠰᠢᠭᠤᠨ ᠤ ᠬᠥᠮᠥᠨ ᠤ ᠭᠥᠴᠤᠨ ᠨᠡᠶᠢᠬᠡᠮ ᠤᠨ ᠪᠠᠳᠣᠯᠠᠬ ᠎ᠠ ᠶᠢᠨ ᠳᠣᠪᠴᠢᠶᠠᠨ ᠤ ᠤᠶᠤᠲᠠᠨ ᠤ ᠰᠢᠨ᠎ᠡ ᠶᠢ ᠡᠭᠦᠳᠴᠦ ᠥᠢᠯᠡᠰ ᠪᠤᠰᠬᠠᠬᠤ ᠬᠦᠷᠢᠶᠡᠯᠠᠩ ᠳᠤ ᠵᠢᠭᠠᠨ ᠵᠢᠯᠤᠭᠤᠳᠤᠭᠴᠢ ᠪᠠᠭᠰᠢ ᠪᠠᠷ ᠤᠷᠢᠭᠳᠠᠨ ᠠᠵᠢᠯᠯᠠᠵᠤ ᠬᠢᠯᠠᠷᠠᠭᠤᠯᠤᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号