ᠬᠤᠰᠢᠭᠤ ᠨᠠᠮ ᠤᠨ ᠬᠤᠷᠢᠶᠠᠨ ᠤ ᠨᠢᠬᠡᠳᠦᠬᠡᠷ ᠳᠣᠭᠤᠷᠢᠨ ᠪᠠᠶᠢᠴᠠᠭᠠᠬᠤ ᠳᠣᠭᠤᠶᠢᠯᠠᠩ ᠰᠦᠯᠳᠡ ᠰᠣᠮᠣᠨ ᠤ ᠭᠠᠴᠠᠭ᠎ᠠ ᠳᠣᠰᠬᠤᠨ ︵ᠨᠡᠶᠢᠬᠡᠮ ᠳᠣᠭᠤᠷᠢᠭ︶ ᠤ ᠨᠠᠮ ᠤᠨ ᠵᠣᠬᠢᠶᠠᠨ ᠪᠠᠶᠢᠭᠤᠯᠣᠯᠳᠠ ᠶᠢᠨ ᠪᠠᠶᠢᠳᠠᠯ ᠢ ᠳᠣᠭᠤᠷᠢᠨ ᠪᠠᠶᠢᠴᠠᠭᠠᠭᠰᠠᠨ ᠬᠠᠷᠢᠭᠤ ᠳᠣᠰᠬᠠᠯ ᠤᠨ ᠬᠤᠷᠠᠯ ᠰᠦᠯᠳᠡ ᠰᠣᠮᠣᠨ ᠳᠤ ᠬᠤᠷᠠᠯᠳᠣᠪᠠ
ᠨᠡᠶᠢᠲᠡᠯᠡᠭᠰᠡᠨ ᠴᠠᠭ᠄
2020-07-24
    7 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠨᠢᠬᠡᠳᠦᠬᠡᠷ ᠳᠣᠭᠤᠷᠢᠨ ᠪᠠᠶᠢᠴᠠᠭᠠᠬᠤ ᠳᠣᠭᠤᠶᠢᠯᠠᠩ  ᠰᠦᠯᠳᠡ ᠰᠣᠮᠣᠨ ᠤ ᠭᠠᠴᠠᠭ᠎ᠠ ᠳᠣᠰᠬᠤᠨ ︵ᠨᠡᠶᠢᠬᠡᠮ ᠳᠣᠭᠤᠷᠢᠭ︶ ᠤ ᠨᠠᠮ ᠤᠨ ᠵᠣᠬᠢᠶᠠᠨ ᠪᠠᠶᠢᠭᠤᠯᠣᠯᠳᠠ ᠶᠢᠨ ᠪᠠᠶᠢᠳᠠᠯ ᠢ ᠳᠣᠭᠤᠷᠢᠨ ᠪᠠᠶᠢᠴᠠᠭᠠᠭᠰᠠᠨ ᠬᠠᠷᠢᠭᠤ ᠳᠣᠰᠬᠠᠯ ᠤᠨ ᠬᠤᠷᠠᠯ ᠰᠦᠯᠳᠡ ᠰᠣᠮᠣᠨ ᠳᠤ ᠬᠤᠷᠠᠯᠳᠣᠵᠦ ᠬᠤᠰᠢᠭᠤ ᠨᠠᠮ ᠤᠨ ᠬᠤᠷᠢᠶᠠᠨ ᠤ ᠳᠣᠭᠤᠷᠢᠨ ᠪᠠᠶᠢᠴᠠᠭᠠᠬᠤ ᠠᠵᠢᠯ ᠤᠨ ᠣᠳᠣᠷᠢᠳᠬᠤ ᠳᠣᠭᠤᠶᠢᠯᠠᠩ  ᠤᠨ ᠬᠡᠰᠢᠬᠦᠨ᠂ ᠬᠤᠰᠢᠭᠤ ᠨᠠᠮ ᠤᠨ ᠬᠤᠷᠢᠶᠠᠨ ᠤ ᠨᠢᠬᠡᠳᠦᠬᠡᠷ ᠳᠣᠭᠤᠷᠢᠨ ᠪᠠᠶᠢᠴᠠᠭᠠᠬᠤ ᠳᠣᠭᠤᠶᠢᠯᠠᠩ ᠤᠨ ᠳᠠᠷᠤᠭ᠎ᠠ ᠵᠢᠴᠢ ᠬᠡᠰᠢᠬᠦᠳ ᠬᠤᠷᠠᠯ ᠳᠤ ᠣᠷᠣᠯᠴᠠᠪᠠ᠃ ᠰᠦᠯᠳᠡ ᠰᠣᠮᠣᠨ ᠤ ᠨᠠᠮ ᠵᠠᠰᠠᠭ ᠤᠨ ᠣᠳᠣᠷᠢᠳᠬᠤ ᠪᠠᠭ  ᠤᠨ ᠬᠡᠰᠢᠬᠦᠨ᠂ ᠪᠦᠬᠦ ᠺᠠᠳ᠋ᠷ ᠠᠵᠢᠯᠳᠠᠳ᠂ ᠡᠯ᠎ᠡ ᠭᠠᠴᠠᠭ᠎ᠠ ᠳᠣᠰᠬᠤᠨ ︵ᠨᠡᠶᠢᠬᠡᠮ ᠳᠣᠭᠤᠷᠢᠭ︶ ᠤ ᠨᠠᠮ ᠤᠨ ᠡᠬᠦᠷ  ᠤᠨ ᠱᠦᠵᠢ᠂ ᠭᠠᠴᠠᠭ᠎ᠠ ᠵᠦᠪᠯᠡᠯ ᠤᠨ ᠡᠷᠬᠢᠯᠡᠭᠴᠢ᠂ ᠬᠢᠨᠠᠯᠳᠠ ᠳᠠᠯᠪᠢᠬᠤ ᠵᠦᠪᠯᠡᠯ ᠤᠨ ᠡᠷᠬᠢᠯᠡᠭᠴᠢ ᠬᠤᠷᠠᠯ ᠳᠤ ᠣᠷᠣᠯᠴᠠᠪᠠ᠃
    ᠬᠤᠰᠢᠭᠤ ᠨᠠᠮ ᠤᠨ ᠬᠤᠷᠢᠶᠠᠨ ᠤ ᠨᠢᠬᠡᠳᠦᠯᠳᠡᠢ ᠪᠠᠶᠢᠷᠢᠯᠠᠭᠤᠯᠣᠯᠲᠠ ᠪᠠᠷ ᠠᠷᠪᠠᠨ ᠳᠠᠪᠣᠳᠣᠭᠠᠷ ᠬᠤᠭᠤᠴᠠᠭᠠᠨ  ᠤ ᠬᠤᠰᠢᠭᠤ ᠨᠠᠮ ᠤᠨ ᠬᠤᠷᠢᠶᠠᠨ ᠤ ᠳᠣᠯᠣᠳᠣᠭᠠᠷ ᠡᠬᠡᠯᠵᠢ ᠶᠢᠨ ᠨᠢᠬᠡᠳᠦᠬᠡᠷ ᠳᠣᠭᠤᠷᠢᠨ ᠪᠠᠶᠢᠴᠠᠭᠠᠬᠤ ᠳᠣᠭᠤᠶᠢᠯᠠᠩ 4 ᠰᠠᠷ᠎ᠠ ᠶᠢᠨ 8 ᠤ ᠡᠳᠦᠷ ᠠᠴᠠ 6 ᠰᠠᠷ᠎ᠠ ᠶᠢᠨ 18 ᠤ ᠡᠳᠦᠷ ᠪᠤᠯᠳᠠᠯ᠎ᠠ ᠰᠦᠯᠳᠡ ᠰᠣᠮᠣᠨ ᠤ 12 ᠭᠠᠴᠠᠭ᠎ᠠ ᠳᠣᠰᠬᠤᠨ ︵ᠨᠡᠶᠢᠬᠡᠮ ᠳᠣᠭᠤᠷᠢᠭ︶ ᠤ ᠨᠠᠮ ᠤᠨ ᠵᠣᠬᠢᠶᠠᠨ ᠪᠠᠶᠢᠭᠤᠯᠣᠯᠳᠠ ᠶᠢᠨ ᠪᠠᠶᠢᠳᠠᠯ ᠢ ᠳᠣᠭᠤᠷᠢᠨ ᠪᠠᠶᠢᠴᠠᠭᠠᠵᠦ ᠳᠣᠭᠤᠷᠢᠨ ᠪᠠᠶᠢᠴᠠᠭᠠᠬᠤ ᠡᠬᠦᠷᠭᠡ ᠪᠠᠨ ᠪᠡᠶᠡᠯᠡᠬᠦᠯᠦᠭᠰᠡᠨ ᠪᠠᠶᠢᠨ᠎ᠠ᠃
    ᠬᠤᠷᠠᠯ ᠳᠡᠭᠡᠷ᠎ᠡ᠂ ᠨᠢᠬᠡᠳᠦᠬᠡᠷ ᠳᠣᠭᠤᠷᠢᠨ ᠪᠠᠶᠢᠴᠠᠭᠠᠬᠤ ᠳᠣᠭᠤᠶᠢᠯᠠᠩ ᠠᠴᠠ ᠰᠦᠯᠳᠡ ᠰᠣᠮᠣᠨ ᠤ ᠨᠠᠮ ᠤᠨ ᠬᠤᠷᠢᠶᠠᠨ ᠳᠤ ᠳᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠳᠣᠰᠬᠠᠬᠤ ᠶᠢᠨ ᠬᠠᠮᠲᠣ ᠰᠠᠨᠠᠯ ᠰᠠᠨᠠᠭᠤᠯᠭ᠎ᠠ ᠳᠣᠷᠠᠳᠪᠠ᠃ ᠬᠤᠷᠠᠯ ᠠᠴᠠ ᠵᠢᠭᠠᠬᠤ ᠳᠠᠭᠠᠨ᠂ ᠳᠣᠰ ᠣᠳᠠᠭᠠᠨ ᠤ ᠬᠤᠷᠠᠯ ᠢ ᠬᠤᠷᠠᠯᠳᠣᠭᠤᠯᠵᠦ ᠪᠠᠶᠢᠭ᠎ᠠ ᠨᠢ ᠬᠠᠷᠢᠭᠤ ᠳᠣᠰᠬᠠᠭᠰᠠᠨ ᠠᠰᠠᠭᠤᠳᠠᠯ ᠳᠤ ᠪᠦᠬᠦ ᠳᠠᠯ᠎ᠠ ᠶᠢᠨ ᠴᠡᠭᠴᠡᠯᠡᠯᠳᠡ ᠬᠢᠬᠦ ᠶᠢᠨ ᠡᠬᠢᠯᠡᠯᠳᠡ ᠪᠣᠯᠣᠨ᠎ᠠ᠃ ᠰᠦᠯᠳᠡ ᠰᠣᠮᠣ ᠪᠠ ᠰᠦᠯᠳᠡ ᠰᠣᠮᠣᠨ ᠤ ᠡᠯ᠎ᠡ ᠭᠠᠴᠠᠭ᠎ᠠ ᠳᠣᠰᠬᠤᠨ ︵ᠨᠡᠶᠢᠬᠡᠮ ᠳᠣᠭᠤᠷᠢᠭ︶ ᠤ ᠨᠠᠮ ᠤᠨ ᠵᠣᠬᠢᠶᠠᠨ ᠪᠠᠶᠢᠭᠤᠯᠣᠯᠳᠠ ᠨᠢ ᠦᠵᠡᠯ ᠰᠠᠨᠠᠭ᠎ᠠ ᠳᠠᠨᠢᠯᠳᠠ ᠪᠠᠨ ᠦᠨᠡᠨᠬᠦ ᠳᠡᠭᠡᠭᠰᠢᠯᠡᠬᠦᠯᠵᠦ ᠳᠣᠭᠤᠷᠢᠨ ᠪᠠᠶᠢᠴᠠᠭᠠᠭᠰᠠᠨ ᠱᠠᠭᠠᠷᠳᠠᠯᠭ᠎ᠠ ᠶᠣᠰᠣᠭᠠᠷ ᠠᠰᠠᠭᠤᠳᠠᠯ ᠢ ᠴᠠᠭ ᠳᠣᠬᠠᠢ ᠳᠤᠨᠢ ᠴᠡᠭᠴᠡᠯᠡᠨ ᠵᠠᠰᠠᠬᠤ ᠬᠡᠷᠡᠭᠲᠡᠢ ᠬᠡᠪᠡ᠃     ᠬᠤᠷᠠᠯ ᠠᠴᠠ ᠴᠢᠬᠤᠯᠠᠴᠢᠯᠠᠬᠤ ᠳᠠᠭᠠᠨ᠂ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠵᠦ ᠨᠠᠮ ᠤᠨ ᠪᠠᠶᠢᠭᠤᠯᠣᠯᠳᠠ  ᠶᠢ ᠪᠠᠬᠢᠵᠢᠬᠦᠯᠤᠨ ᠴᠡᠭᠴᠡᠯᠡᠨ ᠵᠠᠰᠠᠵᠦ ᠨᠠᠶᠢᠳᠠᠪᠣᠷᠢᠵᠢᠭᠤᠯᠬᠤ ᠶᠢ ᠯᠠᠪᠳᠠᠭᠤᠨ ᠪᠠᠳᠣᠳᠠᠢ ᠪᠦᠲᠦᠮᠵᠢᠲᠡᠢ ᠠᠬᠢᠭᠤᠯᠵᠦ ᠪᠣᠳᠠᠳᠣ ᠪᠠᠶᠢᠳᠠᠯ ᠢ ᠴᠠᠭ ᠳᠣᠬᠠᠢ ᠳᠤᠨᠢ ᠮᠡᠳᠡᠬᠦᠯᠤᠨ ᠢᠯᠡ ᠳᠣᠳᠣ ᠪᠠᠶᠢᠯᠭᠠᠬᠤ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号