ᠤᠶᠢᠷ᠎ᠠ ᠶᠢᠨ ᠡᠳᠤᠷ᠂ ᠮᠠᠨ ᠤ ᠬᠤᠰᠢᠭᠤᠨ ᠤ ᠵᠠᠮ ᠬᠠᠷᠢᠯᠴᠠᠭᠠᠨ ᠤ ᠡᠮᠬᠢ ᠳᠢᠭᠯᠢᠮ ᠢ ᠤᠯᠠᠮ ᠨᠢᠭᠡ | ᠠᠯᠬᠤᠮ ᠵᠢᠷᠤᠮᠵᠢᠭᠤᠯᠤᠨ ᠪᠣᠯᠪᠠᠰᠤᠨ ᠪᠥᠭᠡᠳ ᠡᠶ᠎ᠡ ᠵᠣᠬᠢᠴᠠᠯ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ | ᠪᠤᠢ ᠪᠤᠯᠭᠠᠬᠤ ᠶᠢᠨ ᠲᠥᠯᠥᠭᠡ ᠬᠤᠰᠢᠭᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠥᠴᠢᠷ ᠤᠨ ᠬᠢᠨ | ᠭᠠᠯᠠᠭᠤᠳᠤ ᠪᠠᠯᠭᠠᠰᠤᠨ ᠤ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠠᠨ ᠪᠤᠯᠪᠠᠰᠤᠨ ᠪᠤᠰᠤ ᠤᠶᠢᠯᠠ ᠠᠵᠢᠯᠯᠠᠭ᠎ᠠ | ᠳᠤ ᠲᠤᠰᠬᠠᠢ ᠢᠯᠠᠴᠢᠯᠡᠯᠳᠠ ᠭᠢᠵᠤ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠳᠤ ᠥᠢᠯᠡᠴᠢᠯᠠᠵᠤ ᠪᠠᠶᠢᠨ᠎ᠠ᠃ | | ᠣᠶᠢᠯᠠᠭᠠᠭᠰᠠᠨ ᠢᠶᠠᠷ᠂ ᠲᠠᠪᠴᠠᠭ ᠵᠠᠮ ᠤᠨ ᠰᠤᠪᠤᠷᠭ᠎ᠠ ᠵᠡᠭᠡᠯᠢ ᠳᠤ ᠵᠠᠷᠢᠮ ᠬᠥᠮᠦᠨ ᠲᠤᠭᠢᠶᠠᠨ ᠤ ᠳ᠋ᠧᠩ ᠢ | ᠬᠠᠮᠢᠶᠠᠷᠬᠤ ᠥᠭᠡᠢ ᠠᠶᠠᠯᠠᠬᠤ᠂ ᠲᠤᠷ᠎ᠠ ᠪᠠᠷ ᠢᠶᠠᠨ ᠲᠡᠷᠭᠡ ᠵᠤᠭᠰᠤᠭᠠᠬᠤ᠂ ᠲᠣᠭᠲᠠᠭᠠᠯ ᠠᠴᠠ ᠵᠥᠷᠢᠴᠡᠨ ᠲᠡᠷᠭᠡᠨ | ᠲᠡᠭᠡᠷ᠎ᠡ ᠶᠠᠭᠤᠮ᠎ᠠ ᠠᠴᠢᠬᠤ᠂ ᠵᠢᠯᠤᠭᠤᠴᠢ ᠠᠮᠤᠷ ᠲᠦᠪᠰᠢᠨ ᠤ ᠪᠦᠰᠡ ᠪᠦᠰᠡᠯᠡᠬᠦ ᠥᠬᠡᠶ ᠵᠡᠷᠭᠡ ᠪᠤᠯᠪᠠᠰᠤᠨ ᠪᠤᠰᠤ᠂ | ᠬᠠᠤᠯᠢ ᠲᠤᠭᠳᠠᠭᠠᠯ ᠠᠴᠠ ᠵᠥᠷᠢᠴᠡᠭᠰᠡᠨ ᠠᠵᠢᠯᠯᠠᠭ᠎ᠠ ᠮᠥᠨ ᠣᠷᠣᠰᠢᠵᠤ ᠪᠠᠶᠢᠬᠤ ᠶᠢ ᠤᠯᠵᠤ ᠮᠡᠳᠡᠭᠰᠠᠨ ᠪᠠᠶᠢᠨ᠎ᠠ᠃ | ᠡᠨᠡᠭᠦ ᠪᠠᠶᠢᠳᠠᠯ ᠳᠤ ᠴᠢᠭᠯᠡᠭᠦᠯᠤᠨ ᠬᠤᠰᠢᠭᠤ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠤᠨ ᠬᠢᠨ | ᠡᠶᠢᠮᠦᠷᠬᠦᠦ ᠪᠤᠯᠪᠠᠰᠤᠨ ᠪᠤᠰᠤ᠂ ᠬᠠᠤᠯᠢ ᠲᠤᠭᠳᠠᠭᠠᠯ ᠠᠴᠠ ᠵᠥᠷᠢᠴᠡᠭᠰᠠᠨ ᠠᠵᠢᠯᠯᠠᠭ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠢᠯᠡᠴᠢᠯᠡᠨ ᠮᠡᠳᠡᠭᠦᠯᠵᠦ ᠥᠷᠭᠡᠨ ᠣᠯᠠᠨ ᠰᠠᠭᠤᠭᠠᠯᠢ ᠠᠷᠠᠳ ᠲᠤ ᠰᠡᠷᠡᠮᠵᠢᠯᠡᠭᠦᠯᠬᠦ | ᠥᠢᠯᠠᠳᠤᠯ ᠥᠵᠠᠭᠦᠯᠵᠤ ᠪᠠᠶᠢᠨ᠎ᠠ᠃ | ᠵᠠᠮ ᠬᠠᠷᠢᠯᠴᠠᠭᠠᠨ ᠤ ᠴᠠᠭᠳᠠᠭ᠎ᠠ ᠪᠢᠶᠠᠨ ᠵᠢᠶᠦ᠋ᠨ ᠸᠧᠶ᠄ ︽ᠣᠯᠠᠨ ᠲᠥᠮᠡᠨ ᠤ ᠵᠠᠮ ᠬᠠᠷᠢᠯᠴᠠᠭᠠᠨ ᠤ ᠠᠮᠤᠷ | ᠲᠦᠪᠰᠢᠨ ᠤ ᠤᠬᠠᠮᠰᠠᠷ ᠪᠣᠯᠤᠨ ᠪᠣᠯᠪᠠᠰᠤᠨ ᠤ ᠬᠡᠮᠵᠢᠶ᠎ᠡ ᠶᠢ ᠪᠦᠬᠦ ᠲᠠᠯ᠎ᠠ ᠪᠠᠷ ᠲᠡᠭᠡᠭᠰᠢᠯᠠᠭᠦᠯᠤᠨ ᠵᠠᠮ | ᠬᠠᠷᠢᠯᠴᠠᠭᠠᠨ ᠤ ᠬᠠᠤᠯᠢ ᠲᠣᠭᠲᠠᠭᠠᠯ ᠢ ᠵᠢᠷᠤᠮᠯᠠᠬᠤ ᠤᠬᠠᠮᠰᠠᠷ ᠢ ᠴᠢᠩᠭᠠᠳᠬᠠᠵᠦ ᠪᠣᠯᠪᠠᠰᠤᠨ ᠪᠤᠰᠤ᠂ ᠵᠠᠮ | ᠬᠠᠷᠢᠯᠴᠠᠭᠠᠨ ᠤ ᠬᠠᠣᠯᠢ ᠲᠦᠷᠢᠮ ᠠᠴᠠ ᠵᠥᠷᠢᠴᠡᠭᠰᠠᠨ ᠠᠵᠢᠯᠯᠠᠭ᠎ᠠ ᠶᠢ ᠬᠤᠷᠢᠭᠯᠠᠬᠤ ᠵᠤᠷᠢᠯᠭ᠎ᠠ ᠠᠴᠠ ᠮᠠᠰᠢᠨ ᠲᠡᠷᠭᠡ | ᠵᠢᠯᠤᠭᠤᠳᠤᠭᠰᠠᠳ ᠶᠠᠪᠠᠭᠠᠨ ᠬᠥᠮᠦᠨ ᠳᠤ ᠨᠠᠶᠢᠷ ᠲᠠᠯᠪᠢᠬᠤ᠂ ᠴᠠᠬᠢᠯᠭᠠᠨ ᠬᠥᠳᠡᠯᠭᠡᠭᠦᠷᠲᠦ ᠲᠡᠷᠭᠡ ᠵᠢᠯᠤᠭᠤᠳᠤᠭᠰᠠᠳ | ᠠᠮᠤᠷ ᠲᠦᠪᠰᠢᠨ ᠤ ᠮᠠᠯᠠᠭᠠᠢ ᠵᠠᠭᠦᠬᠦ᠂ ᠪᠣᠯᠪᠠᠰᠤᠨ ᠡᠶ᠎ᠡ ᠵᠣᠬᠢᠴᠠᠯ ᠲᠠᠢ ᠵᠠᠮ ᠬᠠᠷᠢᠯᠴᠠᠭ᠎ᠠ ᠶᠢ ᠬᠠᠮᠲᠤᠪᠠᠷ | ᠴᠤᠭᠴᠠᠯᠠᠬᠤ ᠶᠢ ᠤᠷᠢᠶᠠᠯᠠᠵᠤ ᠪᠠᠶᠢᠨ᠎ᠠ︾ ᠬᠡᠪᠡ᠃ | ᠬᠤᠲᠠ ᠶᠢᠨ ᠵᠠᠮ ᠬᠠᠷᠢᠯᠴᠠᠭᠠᠨ ᠤ ᠣᠷᠴᠢᠨ ᠲᠣᠭᠤᠷᠢᠨ ᠪᠠ ᠡᠮᠬᠢ ᠲᠢᠭᠯᠢᠮ ᠪᠣᠯ ᠨᠢᠭᠡᠨ ᠬᠤᠲᠠ ᠶᠢᠨ | ᠪᠣᠯᠪᠠᠰᠤᠨ ᠤ ᠴᠣᠩᠬᠤ᠂ ᠵᠠᠮ ᠬᠠᠷᠢᠯᠴᠠᠭ᠎ᠠ ᠨᠢ ᠬᠤᠲᠠ ᠶᠢᠨ ᠳᠦᠷᠢ ᠲᠥᠷᠬᠦ ᠶᠢᠨ ᠨᠡᠷ᠎ᠡ ᠶᠢᠨ ᠬᠠᠭᠤᠳᠠᠰᠤ | ᠪᠣᠯᠤᠭᠰᠠᠨ ᠤ ᠬᠤᠪᠢ ᠳᠤ ᠨᠢᠭᠡ ᠬᠤᠲᠠ ᠶᠢᠨ ᠪᠣᠯᠪᠠᠰᠤᠨ ᠤ ᠬᠡᠮᠵᠢᠶ᠎ᠡ ᠶᠢ ᠲᠤᠰᠬᠠᠵᠤ ᠴᠢᠳᠠᠬᠤ ᠪᠠᠷ ᠪᠠᠷᠠᠬᠤ ᠦᠭᠡᠢ | ᠨᠠᠩ ᠴᠤ ᠣᠯᠠᠨ ᠲᠥᠮᠡᠨ ᠤ ᠪᠣᠯᠪᠠᠰᠤᠨ ᠬᠡᠪ ᠴᠢᠨᠠᠷ ᠢ ᠲᠤᠰᠬᠠᠵᠤ ᠴᠢᠳᠠᠳᠠᠭ ᠪᠠᠶᠢᠨ᠎ᠠ᠃ | ᠰᠠᠭᠤᠭᠠᠯᠢ ᠠᠷᠠᠳ ᠯᠢ ᠴᠢ᠄ ︽ᠪᠣᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠳᠤ ᠭᠥᠮᠤᠨ ᠪᠥᠭᠦᠨ | ᠪᠥᠷ ᠤᠷᠤᠯᠴᠠᠭᠴᠢ ᠪᠥᠭᠡᠳ ᠠᠰᠢᠭ ᠬᠦᠷᠲᠡᠭᠴᠢ ᠮᠥᠨ᠂ ᠠᠮᠤᠷ ᠲᠦᠪᠰᠢᠨ ᠡᠮᠬᠢ ᠵᠢᠷᠤᠮ ᠲᠠᠢ ᠵᠠᠮ | ᠬᠠᠷᠢᠯᠴᠠᠭᠠᠨ ᠤ ᠣᠷᠴᠢᠨ ᠲᠣᠭᠤᠷᠢᠨ ᠨᠢ ᠨᠢᠭᠡ ᠬᠤᠲᠠ ᠶᠢᠨ ᠰᠣᠶᠣᠯ ᠢᠷᠭᠡᠨᠰᠢᠯ ᠤᠨ ᠬᠡᠪ ᠪᠣᠯᠪᠠᠰᠤᠷᠠᠯ ᠢ | ᠢᠯᠡᠷᠡᠭᠦᠯᠵᠦ ᠪᠠᠶᠢᠭ᠎ᠠ ᠪᠤᠯᠬᠤᠷ ᠤᠯᠠᠨ ᠲᠠᠶᠠᠭᠠᠷ ᠤᠨ ᠵᠠᠮ ᠬᠠᠷᠢᠯᠴᠠᠭᠠᠨ ᠤ ᠳᠦᠷᠢᠮ ᠢ ᠵᠢᠷᠤᠮᠯᠠᠨ ᠰᠠᠬᠢᠵᠤ | ᠪᠣᠯᠪᠠᠰᠤᠨ ᠢᠶᠠᠷ ᠠᠶᠠᠯᠠᠬᠤ ᠶᠢ ᠭᠥᠰᠡᠵᠤ ᠪᠠᠶᠢᠨ᠎ᠠ︾ ᠭᠡᠪᠡ᠃ |