7 ᠰᠠᠷ᠎ᠠ ᠶᠢᠨ 22 ᠤᠨ ᠡᠳᠦᠷ᠂ ᠮᠠᠨ ᠤ ᠬᠤᠰᠢᠭᠤᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ | ᠬᠠᠮᠢᠶᠠᠷᠤᠯᠲᠠᠶᠢᠨ ᠵᠥᠪᠯᠠᠯ ᠤᠨ 2020 ᠣᠨ ᠤ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠪᠠ᠃ | ᠬᠤᠷᠠᠯ ᠠᠴᠠ ᠭᠠᠯᠠᠭᠤᠲᠤ ᠪᠠᠯᠭᠠᠰᠤᠨ ᠤ ᠮᠠᠰᠢᠨ ᠲᠡᠷᠭᠡᠨ ᠤ ᠲᠡᠭᠡᠭᠡᠪᠦᠷᠢ ᠶᠢᠨ ᠦᠢᠯᠡᠴᠢᠯᠡᠭᠡᠨ ᠤ ᠲᠣᠭᠤᠷᠢᠭ ᠤᠨ | ᠥᠷᠭᠡᠳᠭᠡᠨ ᠪᠠᠶᠢᠭᠤᠯᠤᠯᠳᠠ᠂ ᠷᠦᠢ ᠰᠢᠨ ᠬᠠᠩᠭᠠᠯᠭ᠎ᠠ ᠶᠢᠨ ᠭᠡᠯᠭᠢᠶᠠᠵᠢᠯ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠥᠢᠯ ᠤᠨ ᠭᠠᠵᠠᠷ ᠰᠣᠩᠭᠤᠬᠤ ᠵᠡᠷᠭᠡ ᠶᠠᠪᠤᠳᠠᠯ ᠢ ᠰᠤᠳᠤᠯᠤᠨ ᠬᠢᠨᠠᠨ ᠵᠥᠪᠯᠡᠪᠡ᠃ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠬᠤᠰᠢᠭᠤ ᠳᠡᠳ᠋ ᠳᠠᠷᠤᠭ᠎ᠠ ᠯᠢ ᠵᠥᠩ ᠯᠢᠨ᠂ ᠬᠤᠰᠢᠭᠤ ᠤᠳᠤᠷᠢᠳᠤᠯᠭ᠎ᠠ ᠵᠧᠤ ᠱᠤᠸᠠᠢ᠂ ᠸᠠᠩ ᠭᠠᠩ | ᠬᠤᠷᠠᠯ ᠳᠤ ᠣᠷᠣᠯᠴᠠᠵᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠵᠥᠪᠯᠠᠯ ᠤᠨ ᠡᠯ᠎ᠡ | ᠪᠦᠷᠢᠯᠳᠦᠬᠦᠨ ᠨᠢᠭᠡᠴᠢ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | | | | | | ᠬᠤᠷᠠᠯ ᠠᠴᠠ᠂ ᠬᠤᠳᠠ ᠬᠥᠳᠡᠭᠡ ᠶᠢᠨ ᠪᠦᠳᠦᠬᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠣᠯ ᠬᠤᠳᠠ | ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠬᠦᠳᠦᠯᠥᠨ ᠳᠠᠭᠠᠭᠤᠯᠬᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ | ᠪᠦᠲᠦᠬᠡᠬᠦ ᠠᠵᠢᠯ ᠤᠨ ᠲᠤᠳᠠᠭᠳᠠᠯ ᠢ ᠨᠥᠬᠦᠪᠥᠷᠢᠯᠡᠬᠦ ᠴᠢᠬᠤᠯᠠ ᠲᠤᠯᠭᠠᠭᠤᠷᠢᠯᠠᠯ ᠪᠣᠯᠤᠨ᠎ᠠ᠃ ᠠᠷᠠᠳ ᠤᠨ ᠬᠤᠲᠠ | ᠶᠢ ᠠᠷᠠᠳ ᠲᠦᠮᠡᠨ ᠪᠠᠶᠢᠭᠤᠯᠵᠤ᠂ ᠠᠷᠠᠳ ᠤᠨ ᠬᠤᠲᠠ ᠨᠢ ᠠᠷᠠᠳ ᠲᠦᠮᠡᠨ ᠤ ᠲᠥᠯᠥᠭᠡ ᠪᠠᠶᠢᠬᠤ ᠶᠢ ᠢᠮᠠᠭᠲᠠ | ᠪᠠᠷᠢᠮᠲᠠᠯᠠᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ᠂ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠭᠥᠭᠵᠢᠯᠳᠠ᠂ ᠣᠯᠠᠨ ᠨᠡᠶᠢᠲᠡ ᠶᠢᠨ | ᠦᠢᠯᠡᠴᠢᠯᠡᠭᠡᠨ ᠤ ᠲᠥᠬᠦᠭᠡᠷᠦᠮᠵᠢ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠥᠯᠥᠪᠵᠢᠭᠦᠯᠭᠡ ᠶᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ ᠬᠤᠲᠠ ᠬᠥᠳᠡᠭᠡ ᠶᠢᠨ ᠦᠢᠯᠡᠳᠪᠦᠷᠢᠯᠡᠯ᠂ ᠠᠮᠢᠳᠤᠷᠠᠯ᠂ ᠠᠮᠢ | ᠠᠬᠤᠢ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠤᠨ ᠬᠤᠲᠠ ᠬᠥᠳᠡᠭᠡ ᠶᠢᠨ ᠠᠭᠤᠰᠤᠯᠴᠠᠨ | ᠬᠥᠭᠵᠢᠬᠦ ᠶᠢ ᠠᠬᠢᠭᠤᠯᠵᠤ ᠰᠢᠨ᠎ᠡ ᠦᠷ᠎ᠡ ᠪᠦᠲᠦᠮᠵᠢ ᠤᠯᠬᠤ ᠶᠢ ᠠᠭᠢᠭᠤᠯᠬᠤ ᠭᠡᠷᠡᠭᠳᠠᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠥᠯᠥᠪᠵᠢᠭᠦᠯᠭᠡ ᠶᠢᠨ ᠰᠢᠨᠵᠢᠯᠡᠬᠦ ᠤᠬᠠᠭᠠᠨᠴᠢ ᠴᠢᠨᠠᠷ ᠢ | ᠴᠢᠬᠤᠯᠠᠴᠢᠯᠠᠨ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ ᠰᠢᠨ᠎ᠡ ᠬᠥᠭᠵᠢᠯᠲᠡ ᠶᠢᠨ | ᠤᠶᠢᠯᠠᠭᠠᠭᠳᠠᠬᠤᠨ ᠢ ᠥᠢᠯᠡᠳᠤᠯᠭᠡᠵᠢᠭᠦᠯᠤᠨ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠲᠥᠯᠥᠪᠵᠢᠭᠦᠯᠭᠡ | ᠶᠢ ᠨᠠᠶᠢᠷᠠᠭᠤᠯᠤᠨ ᠲᠤᠭᠲᠠᠭᠠᠬᠤ᠂ ᠬᠢᠨᠠᠨ ᠪᠠᠶᠢᠴᠠᠭᠠᠬᠤ᠂ ᠬᠢᠨᠠᠨ ᠵᠥᠪᠰᠢᠶᠡᠷᠡᠬᠦ᠂ ᠬᠡᠷᠡᠭᠵᠢᠭᠦᠯᠬᠦ᠂ ᠬᠢᠨᠠᠯᠲᠠ | ᠲᠠᠯᠪᠢᠬᠤ ᠡᠯ᠎ᠡ ᠭᠤᠭᠴᠤᠭ᠎ᠠ ᠪᠣᠯᠤᠨ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ | ᠮᠥᠴᠢᠷ ᠪᠣᠯᠤᠨ ᠵᠢᠷᠤᠵᠤ ᠲᠥᠯᠥᠪᠯᠡᠬᠦ ᠨᠢᠭᠡᠴᠢ ᠬᠤᠷᠠᠯ ᠠᠴᠠ ᠳᠤᠷᠠᠳᠤᠭᠰᠠᠨ ᠰᠠᠨᠠᠯ ᠪᠠ ᠰᠠᠨᠠᠭᠤᠯᠭ᠎ᠠ ᠶᠢ ᠡᠮᠭᠢᠯᠠᠨ | ᠵᠢᠷᠤᠭ ᠲᠥᠯᠥᠪᠯᠡᠭᠡ ᠶᠢᠨ ᠲᠥᠰᠦᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ ᠲᠥᠷᠤᠯ ᠵᠥᠢᠯ ᠢ ᠥᠨᠳᠥᠷ | ᠪᠠᠷᠢᠮᠵᠢᠶ᠎ᠠ ᠪᠠᠷ ᠲᠥᠯᠥᠪᠵᠢᠭᠦᠯᠬᠦ᠂ ᠴᠢᠨᠠᠷ ᠰᠠᠶᠢᠲᠠᠶ ᠵᠢᠷᠤᠭᠯᠠᠨ ᠲᠥᠯᠥᠪᠯᠡᠬᠦ᠂ ᠥᠨᠳᠤᠷ ᠬᠢᠷᠢ ᠲᠦᠪᠰᠢᠨ ᠢᠶᠠᠷ | ᠪᠠᠶᠢᠭᠤᠯᠬᠤ ᠶᠢ ᠪᠠᠳᠤᠯᠠᠬᠤ ᠭᠡᠷᠡᠭᠳᠠᠢ᠃ ᠨᠡᠪᠲᠡᠷᠡᠯᠴᠡᠭᠡ ᠵᠤᠭᠢᠴᠠᠭᠤᠯᠭ᠎ᠠ ᠪᠠᠨ ᠴᠢᠩᠭᠠᠳᠬᠠᠵᠤ ᠦᠢᠯᠡᠴᠢᠯᠡᠭᠡᠨ ᠤ | ᠪᠠᠲᠤᠯᠠᠭ᠎ᠠ ᠶᠢ ᠰᠠᠶᠢᠲᠤᠷ ᠬᠢᠨ ᠠᠵᠤ ᠠᠬᠤᠶᠢᠯᠠᠯ ᠢ ᠬᠠᠪᠰᠤᠷᠤᠨ ᠬᠠᠮᠢᠶ᠎ᠠ ᠪᠦᠬᠦᠢ ᠭᠠᠷ ᠭᠦᠢᠴᠡᠳᠬᠡᠯ ᠢ | ᠭᠦᠢᠴᠡᠳᠬᠡᠵᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠭᠥᠴᠤᠨ ᠢᠶᠠᠷ ᠲᠠᠮᠵᠢᠭᠦ ᠭᠡᠷᠡᠭᠳᠠᠢ ᠭᠡᠵᠡᠢ᠃ | |