ᠰᠢ ᠶᠢᠨ ᠫᠢᠩ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠬᠢ ᠶᠢᠨ ᠨᠠᠢᠮᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠰᠠᠨ ᠳᠤ ᠪᠠᠶᠠᠷ ᠤᠨ ᠵᠠᠬᠢᠳᠠᠯ ᠢᠯᠡᠭᠡᠵᠦ ᠴᠢᠬᠤᠯᠠᠴᠢᠯᠠᠭᠰᠠᠨ ᠨᠢ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ ᠴᠠᠭ ᠦᠶ᠎ᠡ ᠶᠢᠨ ᠰᠢᠨ᠎ᠡ ᠬᠥᠮᠦᠨ ᠢ ᠬᠦᠮᠦᠵᠢᠭᠦᠯᠵᠦ ᠥᠷᠭᠡᠨ ᠣᠯᠠᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠢ ᠪᠦᠯᠬᠦᠮᠳᠡᠭᠦᠯᠤᠨ ᠬᠦᠮᠦᠵᠢᠭᠦᠯᠵᠤ ᠬᠦᠲᠦᠯᠦᠨ ᠵᠢᠯᠤᠭᠤᠳᠴᠤ ᠡᠪ ᠬᠠᠮᠲᠤ ᠶᠣᠰᠣᠨ ᠤ ᠦᠢᠯᠡᠰ ᠤᠨ ᠵᠠᠯᠭᠠᠮᠵᠢᠯᠠᠭᠴᠢ ᠪᠤᠯᠭᠠᠬᠤ ᠬᠡᠷᠡᠭᠳᠠᠢ
ᠨᠡᠶᠢᠲᠡᠯᠡᠭᠰᠡᠨ ᠴᠠᠭ᠄
2020-07-24
     ᠸᠠᠩ ᠬᠤ᠋ ᠨᠢᠩ ᠡᠬᠢᠯᠡᠯᠲᠡ ᠶᠢᠨ ᠬᠤᠷᠠᠯ ᠳᠤ ᠣᠷᠣᠯᠴᠠᠵᠠᠢ      ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠬᠢ ᠶᠢᠨ ᠨᠠᠢᠮᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ 23 ᠤ ᠦᠳᠡ ᠶᠢᠨ ᠡᠮᠦᠨ᠎ᠡ ᠪᠡᠭᠡᠵᠢᠩ ᠳᠤ ᠡᠬᠢᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠯᠡᠭᠡᠵᠦ᠂ ᠨᠠᠮ ᠤᠨ ᠲᠥᠪ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠥᠷᠭᠡᠨ ᠤᠯᠠᠨ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠨ᠂ ᠪᠠᠭᠠᠴᠤᠳ ᠤᠨ ᠬᠤᠰᠢᠭᠤᠴᠢ ᠠᠩᠬᠢ ᠶᠢᠨ ᠬᠠᠪᠰᠤᠷᠤᠨ ᠵᠢᠯᠣᠭᠤᠳᠣᠭᠴᠢ᠂ ᠪᠠᠭᠠᠴᠤᠳ ᠤᠨ ᠬᠤᠰᠢᠭᠤᠴᠢ ᠠᠩᠬᠢ ᠶᠢᠨ ᠠᠵᠢᠯᠲᠠᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃      ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ᠪᠠᠭᠠᠴᠤᠳ ᠤᠨ ᠬᠤᠰᠢᠭᠤᠴᠢ ᠠᠩᠬᠢ ᠪᠣᠯ ᠨᠡᠶᠢᠭᠡᠮ ᠵᠢᠷᠤᠮ ᠪᠠ ᠡᠪ ᠬᠠᠮᠲᠤ ᠶᠣᠰᠣ ᠶᠢ ᠪᠠᠶᠢᠭᠤᠯᠬᠤ ᠪᠡᠯᠡᠳᠬᠡᠯ ᠠᠩᠬᠢ ᠮᠥᠨ᠃ ᠥᠷᠭᠡᠨ ᠣᠯᠠᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠪᠠᠭᠠᠴᠤᠳ ᠤᠨ ᠬᠤᠰᠢᠭᠤᠴᠢ ᠠᠩᠭᠢ ᠶᠢᠨ ᠡᠨᠡ ᠬᠦ ᠶᠡᠭᠡ ᠰᠤᠷᠭᠠᠭᠤᠯᠢ ᠳᠤ ᠬᠦᠰᠡᠯ ᠵᠤᠷᠢᠯᠳᠠ ᠪᠠᠨ ᠲᠤᠭᠳᠠᠭᠠᠵᠤ᠂ ᠵᠠᠩ ᠰᠤᠷᠲᠠᠯ ᠢᠶᠠᠨ ᠳᠠᠪᠳᠠᠨ ᠪᠤᠯᠪᠠᠰᠤᠷᠠᠭᠤᠯᠵᠤ᠂ ᠡᠷᠳᠡᠮ ᠴᠢᠳᠠᠪᠤᠷᠢ ᠰᠤᠷᠤᠯᠴᠠᠵᠤ ᠂ ᠪᠠᠭ᠎ᠠ ᠠᠴᠠ ᠪᠠᠨ ᠨᠠᠮ ᠢᠶᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ ᠰᠡᠳᠬᠢᠯᠭᠡ ᠶᠢ ᠬᠥᠮᠦᠵᠢᠭᠦᠯᠵᠦ᠂ ᠴᠤᠭ ᠵᠤᠯᠢ ᠪᠠᠳᠠᠷᠠᠩᠭᠤᠶ ᠣᠶᠤᠨ ᠰᠠᠨᠠᠭᠠᠨ ᠤ ᠳᠦᠷᠰᠦ ᠪᠠᠶᠢᠳᠠᠯ ᠢᠶᠠᠨ ᠢᠯᠡᠷᠡᠭᠦᠯᠬᠦ ᠬᠡᠷᠡᠭᠳᠠᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠰᠢᠨ᠎ᠡ ᠴᠠᠭ ᠦᠶ᠎ᠡ ᠳᠤ᠂ ᠪᠠᠭᠠᠴᠤᠳ ᠤᠨ ᠬᠤᠰᠢᠭᠤᠴᠢ ᠠᠩᠭᠢ ᠶᠢᠨ ᠬᠢᠨ ᠬᠤᠰᠢᠭᠤᠴᠢ ᠠᠩᠬᠢ ᠶᠢᠨ ᠲᠤᠭ ᠢᠶᠠᠨ ᠥᠨᠳᠥᠷ ᠮᠠᠨᠳᠤᠭᠤᠯᠤᠨ ᠨᠠᠮ ᠢᠶᠠᠨ ᠳᠠᠭᠠᠵᠤ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠴᠠᠭ ᠦᠶ᠎ᠡ ᠶᠢᠨ ᠰᠢᠨ᠎ᠡ ᠬᠥᠮᠦᠨ ᠢ ᠬᠦᠮᠦᠵᠢᠭᠦᠯᠵᠦ᠂ ᠥᠷᠭᠡᠨ ᠤᠯᠠᠨ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠨ ᠢ ᠪᠦᠯᠬᠦᠮᠳᠡᠭᠦᠯᠤᠨ ᠬᠥᠮᠦᠵᠢᠭᠦᠯᠵᠤ ᠬᠦᠲᠦᠯᠦᠨ ᠵᠢᠯᠤᠭᠤᠳᠴᠤ ᠡᠪ ᠬᠠᠮᠲᠤ ᠶᠣᠰᠣᠨ ᠤ ᠦᠢᠯᠡᠰ ᠤᠨ ᠵᠠᠯᠭᠠᠮᠵᠢᠯᠠᠭᠴᠢ ᠪᠤᠯᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠴᠠᠭ ᠢᠮᠠᠭᠲᠠ ᠪᠡᠯᠡᠬᠡᠨ ᠪᠠᠶᠢᠬᠤ ᠬᠡᠷᠡᠭᠳᠠᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠪᠦᠬᠦ ᠨᠡᠶᠢᠭᠡᠮ ᠢᠶᠠᠷ ᠢᠶᠠᠨ ᠪᠠᠭᠠᠴᠤᠳ ᠤᠨ ᠬᠤᠰᠢᠭᠤᠴᠢ ᠠᠩᠬᠢ ᠶᠢᠨ ᠠᠵᠢᠯ ᠢ ᠳᠡᠮᠵᠢᠬᠦ ᠪᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠠᠭᠠᠴᠤᠳ ᠬᠡᠦᠬᠡᠳ ᠤᠨ ᠢᠳᠡᠷᠡᠭᠦᠨ ᠢᠶᠠᠷ ᠦᠰᠦᠨ ᠪᠤᠶᠢᠵᠢᠬᠤ ᠳᠤ ᠠᠰᠢᠭᠲᠠᠢ ᠨᠥᠬᠦᠴᠡᠯ ᠬᠠᠩᠭᠠᠬᠤ ᠬᠡᠷᠡᠭᠲᠡᠢ᠃      ᠡᠪ ᠬᠠᠮᠲᠤ ᠵᠠᠯᠠᠭᠤᠴᠤᠳ ᠤᠨ ᠡᠪᠯᠡᠯ ᠪᠠᠭᠠᠴᠤᠳ ᠤᠨ ᠬᠤᠰᠢᠭᠤᠴᠢ ᠠᠩᠬᠢ ᠶᠢ ᠳᠠᠭᠠᠭᠤᠯᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠢᠳᠬᠦᠯ ᠴᠢᠷᠮᠠᠶᠢᠯᠭ᠎ᠠ ᠭᠠᠷᠭᠠᠵᠤ᠂ ᠤᠯᠠᠭᠠᠨ ᠪᠦᠴᠡ ᠳᠤ ᠰᠢᠨ᠎ᠡ ᠴᠠᠭ ᠦᠶ᠎ᠡ ᠶᠢᠨ ᠢᠷᠠᠭᠤ ᠠᠯᠳᠠᠷ ᠢ ᠨᠡᠮᠡᠷᠢᠯᠡᠬᠦ ᠬᠡᠷᠡᠭᠲᠡᠢ ᠭᠡᠵᠤ ᠴᠢᠬᠤᠯᠠᠴᠢᠯᠠᠵᠠᠢ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ ᠸᠠᠩ ᠬᠤ᠋ ᠨᠢᠩ ᠡᠬᠢᠯᠡᠯᠲᠡ ᠶᠢᠨ ᠬᠤᠷᠠᠯ ᠳᠤ ᠣᠷᠣᠯᠴᠠᠪᠠ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠰᠦᠨ ᠴᠦᠨ ᠯᠠᠨ ᠬᠤᠷᠠᠯ ᠳᠡᠭᠡᠷ᠎ᠡ ᠰᠢ ᠶᠢᠨ ᠫᠢᠩ ᠤᠨ ᠪᠠᠶᠠᠷ ᠤᠨ ᠵᠠᠬᠢᠳᠠᠯ ᠢ ᠤᠩᠰᠢᠭᠰᠠᠨ ᠪᠥᠭᠡᠳ ᠨᠠᠮ ᠤᠨ ᠲᠥᠪ ᠬᠤᠷᠢᠶᠠᠨ ᠤ ᠡᠮᠦᠨ᠎ᠡ ᠠᠴᠠ ᠪᠠᠶᠠᠷ ᠤᠨ ᠦᠭᠡ ᠬᠡᠯᠡᠪᠡ᠃ ᠲᠡᠷᠡ᠂ ᠶᠡᠷᠦᠩᠬᠡᠢ ᠱᠦᠵᠢ ᠰᠢ‌‍ᠶᠢᠨ ᠫᠢᠩ ᠤᠨ ᠪᠠᠭᠠᠴᠤᠳ ᠬᠡᠦᠬᠡᠳ ᠪᠣᠯᠤᠨ ᠪᠠᠭᠠᠴᠤᠳ ᠤᠨ ᠬᠤᠰᠢᠭᠤᠴᠢ ᠠᠩᠬᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠨᠦᠭᠦᠳ ᠢ ᠨᠠᠷᠢᠨ ᠬᠢᠨᠠᠮᠠᠭᠠᠢ ᠰᠤᠷᠤᠯᠴᠠᠨ ᠭᠦᠨᠵᠡᠭᠡᠢ ᠲᠤᠭᠤᠰᠢᠯᠠᠭᠤᠯᠵᠤ ᠂ ᠪᠠᠭᠠᠴᠤᠳ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠶᠢ ᠪᠣᠳᠠᠲᠠᠢ ᠠᠵᠢᠯ ᠳᠤᠮᠳᠠ ᠨᠠᠶᠢᠳᠠᠪᠤᠷᠢᠵᠢᠭᠤᠯᠬᠤ ᠬᠡᠷᠡᠭᠲᠡᠢ᠃ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠬᠤᠪᠢᠰᠬᠠᠯ ᠤᠨ ᠤᠳᠤᠮᠰᠢᠯ ᠢ ᠦᠶ᠎ᠡ ᠶᠢᠨ ᠦᠶ᠎ᠠ ᠳᠡᠭᠡᠨ ᠵᠠᠯᠭᠠᠮᠵᠢᠯᠠᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠦ ᠶᠢ ᠪᠠᠷᠢᠮᠲᠠᠯᠠᠵᠤ᠂ ᠬᠦᠰᠡᠯ ᠵᠡᠭᠦᠳᠦ ᠪᠠᠨ ᠪᠡᠶᠡᠯᠡᠭᠦᠯᠬᠦ ᠪᠠᠷ ᠴᠠᠭ ᠢᠮᠠᠭᠲᠠ ᠪᠡᠯᠡᠭᠡᠨ ᠪᠠᠶᠢᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠣᠯᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ‌‍ᠶᠢᠨ ᠵᠡᠭᠦᠳᠦ ᠶᠢ ᠲᠡᠷᠭᠡᠯᠰᠢᠭᠦᠯᠬᠦ ᠵᠦᠭ ᠡᠷᠡᠯᠬᠡᠭᠯᠡᠨ ᠤᠷᠤᠭᠰᠢᠯᠠᠬᠤ ᠬᠡᠷᠡᠭᠳᠠᠢ ᠭᠡᠵᠤ ᠬᠡᠯᠡᠪᠡ᠃      ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠱᠧᠨ ᠶᠤᠸᠠᠢ ᠶᠤᠸᠠᠢ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠴᠤᠸᠠᠨ ᠲᠠᠩ ᠬᠤᠷᠠᠯ ᠳᠤ ᠣᠷᠣᠯᠴᠠᠪᠠ᠃      ᠶᠡᠭᠡ ᠬᠤᠷᠠᠯ ᠤᠨ ᠡᠬᠢᠯᠡᠯᠲᠡ ᠶᠢᠨ ᠬᠤᠷᠠᠯ ᠳᠡᠭᠡᠷ᠎ᠡ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶᠠᠨ ᠤ ᠱᠦᠵᠢ ᠨᠡᠷ ᠤᠨ ᠭᠠᠵᠠᠷ ᠤᠨ ᠨᠢᠭᠡᠳᠦᠭᠡᠷ ᠱᠦᠵᠢ ᠾᠧ ᠵᠢᠶᠦ᠋ᠨ ᠺᠧ᠂ ᠰᠤᠷᠭᠠᠨ ᠬᠥᠮᠦᠵᠢᠯ ᠤᠨ ᠶᠠᠮᠤᠨ ᠤ ᠰᠠᠶᠢᠳ ᠴᠧᠨ ᠪᠦᠦ ᠱᠧᠩ ᠲᠤᠰ ᠲᠤᠰ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠡ᠂ ᠰᠤᠷᠭᠠᠨ ᠬᠥᠮᠦᠵᠢᠯ ᠤᠨ ᠶᠠᠮᠤᠨ ᠤ ᠡᠮᠦᠨ᠎ᠡ ᠠᠴᠠ ᠪᠠᠶᠠᠷ ᠤᠨ ᠦᠭᠡ ᠬᠡᠯᠡᠪᠡ᠃ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶᠠᠨ ᠤ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠪᠠᠭᠠᠴᠤᠳ ᠤᠨ ᠬᠤᠰᠢᠭᠤᠴᠢ ᠠᠩᠬᠢ ᠶᠢᠨ ᠠᠵᠢᠯᠯᠠᠬᠤ ᠬᠤᠷᠢᠶᠠᠨ ᠤ ᠡᠷᠬᠢᠯᠡᠭᠴᠢ ᠦ᠋ ᠭᠠᠩ ᠳᠣᠯᠣᠳᠤᠭᠠᠷ ᠬᠤᠭᠤᠴᠠᠭᠠᠨ ᠤ ᠪᠦᠬᠦ ᠤᠯᠤᠰ ᠤᠨ ᠪᠠᠭᠠᠴᠤᠳ ᠤᠨ ᠬᠤᠰᠢᠭᠤᠴᠢ ᠠᠩᠬᠢ ᠶᠢᠨ ᠠᠵᠢᠯᠯᠠᠬᠤ ᠬᠤᠷᠢᠶ᠎ᠠ ᠶᠢᠨ ᠡᠮᠦᠨ᠎ᠠ ᠠᠴᠠ ᠠᠵᠢᠯ ᠤᠨ ᠮᠡᠳᠡᠭᠦᠯᠦᠯᠳᠡ ᠬᠢᠪᠡ᠃ ᠬᠤᠷᠠᠯ ᠢ ᠲᠧᠯᠸᠢᠰ ᠤᠳᠠᠰᠤ ᠬᠤᠷᠠᠯ ᠤᠨ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃ ᠡᠯ᠎ᠡ ᠮᠤᠵᠢ ᠣᠷᠣᠨ ᠬᠤᠳᠠ ᠶᠢᠨ ᠨᠠᠮ ᠤᠨ ᠬᠤᠷᠢᠶᠠᠨ ᠤ ᠬᠠᠷᠢᠭᠤᠴᠠᠯᠭᠠᠲᠠᠨ ᠨᠦᠭᠦᠳ ᠪᠣᠯᠤᠨ ᠡᠪ ᠬᠠᠮᠲᠤ ᠵᠠᠯᠠᠭᠤᠴᠤᠳ ᠤᠨ ᠡᠪᠯᠡᠯ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠦᠭᠦᠳ᠂ ᠪᠠᠭᠠᠴᠤᠳ ᠤᠨ ᠬᠤᠰᠢᠭᠤᠴᠢ ᠠᠩᠬᠢ ᠶᠢᠨ ᠨᠠᠢᠮᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠡᠯ᠎ᠡ ᠭᠠᠵᠠᠷ ᠤᠨ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠨ᠂ ᠪᠠᠭᠠᠴᠤᠳ ᠤᠨ ᠬᠤᠰᠢᠭᠤᠴᠢ ᠠᠩᠬᠢ ᠶᠢᠨ ᠬᠠᠪᠰᠤᠷᠤᠨ ᠵᠢᠯᠣᠭᠤᠳᠤᠭᠴᠢ᠂ ᠪᠠᠭᠠᠴᠤᠳ ᠤᠨ ᠬᠤᠰᠢᠭᠤᠴᠢ ᠠᠩᠬᠢ ᠶᠢᠨ ᠠᠵᠢᠯᠲᠠᠨ‌‍ᠤ ᠲᠥᠯᠥᠭᠡᠯᠡᠭᠴᠢ 2000 ᠰᠢᠬᠠᠮ ᠬᠥᠮᠦᠨ ᠡᠬᠢᠯᠡᠯᠳᠡ ᠶᠢᠨ ᠬᠤᠷᠠᠯ ᠳᠤ ᠣᠷᠣᠯᠴᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号