ᠰᠢ ᠶᠢᠨ ᠫᠢᠩ ᠪᠤᠯᠤᠨ ᠤᠷᠤᠰ ᠤᠨ ᠶᠡᠷᠦᠩᠬᠡᠶᠢᠯᠡᠭᠴᠢ ᠫᠦᠲ᠋ᠢᠨ ᠲᠤᠰ ᠲᠤᠰ ᠳᠤᠮᠳᠠᠳᠤ ᠤᠷᠤᠰ ᠤᠨ ᠲᠦᠷᠦ ᠪᠠᠷᠢᠭᠴᠢ ᠨᠠᠮ ᠤᠨ ᠶᠠᠷᠢᠯᠴᠠᠭᠠᠨ ᠤ ᠲᠤᠭᠳᠠᠴᠠ ᠶᠢᠨ ᠨᠠᠢᠮᠠᠳᠤᠭᠠᠷ ᠬᠤᠷᠠᠯ ᠳᠤ ᠪᠠᠶᠠᠷ ᠤᠨ ᠵᠠᠬᠢᠳᠠᠯ ᠢᠯᠡᠭᠡᠵᠠᠢ
ᠨᠡᠶᠢᠲᠡᠯᠡᠭᠰᠡᠨ ᠴᠠᠭ᠄
2020-07-24
     ᠳᠤᠮᠳᠠᠳᠤ ᠤᠷᠤᠰ ᠤᠨ ᠲᠦᠷᠦ ᠪᠠᠷᠢᠭᠴᠢ ᠨᠠᠮ ᠤᠨ ᠶᠠᠷᠢᠯᠴᠠᠭᠠᠨ ᠤ ᠲᠤᠭᠳᠠᠴᠠ ᠶᠢᠨ ᠨᠠᠢᠮᠠᠳᠤᠭᠠᠷ ᠬᠤᠷᠠᠯ 23 ᠤ ᠡᠳᠦᠷ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠵᠠᠢ᠃ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠤᠯᠤᠨ ᠤᠷᠤᠰ ᠤᠨ ᠬᠤᠯᠪᠤᠭᠠᠨ ᠤ ᠶᠡᠷᠦᠩᠬᠡᠶᠢᠯᠡᠭᠴᠢ ᠫᠦᠲ᠋ᠢᠨ ᠲᠤᠰ ᠲᠤᠰ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃      ᠰᠢ ᠶᠢᠨ ᠫᠢᠩ ᠪᠠᠶᠠᠷ ᠤᠨ ᠵᠠᠬᠢᠳᠠᠯ ᠳᠠᠭᠠᠨ ᠬᠤᠷᠠᠯ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠤ ᠪᠠᠶᠢᠬᠤ ᠪᠠᠨ ᠢᠯᠡᠳᠭᠡᠵᠠᠢ᠃ ᠲᠡᠷᠡ᠂ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠳᠤᠮᠳᠠᠳᠤ ᠤᠷᠤᠰ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠵᠢᠷᠭᠠᠯ ᠵᠤᠪᠠᠯᠠᠩ ᠢᠶᠠᠨ ᠬᠠᠮᠳᠤᠳᠬᠠᠵᠤ᠂ ᠬᠠᠳᠠᠭᠤ ᠪᠡᠷᠬᠡ ᠶᠢ ᠬᠠᠮᠳᠦ ᠪᠠᠷ ᠲᠤᠭᠤᠯᠵᠤ᠂ ᠭᠠᠳᠠᠭᠠᠳᠤ ᠶᠢᠨ ᠭᠠᠷ ᠳᠦᠷᠦᠯᠳᠡ ᠶᠢ ᠡᠰᠡᠷᠭᠦᠴᠡᠵᠤ᠂ ᠬᠤᠶᠠᠷ ᠤᠯᠤᠰ ᠤᠨ ᠬᠠᠮᠳᠤᠷᠠᠯᠴᠠᠭ᠎ᠠ ᠳᠤ ᠪᠠᠶᠢᠯᠳᠤᠬᠤ ᠪᠤᠳᠤᠯᠭ᠎ᠠ ᠶᠢᠨ ᠰᠢᠨ᠎ᠠ ᠠᠭᠤᠯᠤᠭᠳᠠᠬᠤᠨ ᠨᠡᠮᠡᠷᠢᠯᠡᠵᠦ᠂ ᠳᠤᠮᠳᠠᠳᠤ ᠤᠷᠤᠰ ᠤᠨ ᠠᠷᠠᠳ ᠲᠦᠮᠡᠨ‌‍ᠤ ᠭᠦᠨ ᠵᠤᠵᠠᠭᠠᠨ ᠨᠦᠬᠦᠷᠯᠡᠯ ᠢ ᠭᠦᠢᠴᠡᠳ ᠢᠯᠡᠷᠡᠭᠦᠯᠵᠤ᠂ ᠰᠢᠨ᠎ᠠ ᠴᠠᠭ ᠦᠶ᠎ᠠ ᠶᠢᠨ ᠳᠤᠮᠳᠠᠳᠤ ᠤᠷᠤᠰ ᠤᠨ ᠬᠠᠷᠢᠯᠴᠠᠭᠠᠨ ᠤ ᠦᠨᠳᠦᠷ ᠲᠦᠪᠰᠢᠨ ᠪᠠ ᠤᠨᠴᠠᠭᠠᠢ ᠴᠢᠨᠠᠷ ᠢ ᠬᠠᠷᠠᠭᠤᠯᠵᠠᠢ ᠭᠡᠵᠤ ᠬᠡᠯᠡᠪᠡ᠃      ᠰᠢ ᠶᠢᠨ ᠫᠢᠩ᠂ ᠬᠢᠵᠢᠭ ᠤᠨ ᠪᠠᠶᠢᠳᠠᠯ ᠪᠦᠬᠦ ᠳᠡᠯᠡᠬᠡᠢ ᠳᠤ ᠦᠷᠪᠢᠰᠦᠨ ᠳᠡᠯᠭᠡᠷᠡᠭᠰᠡᠨ ᠨᠢ ᠬᠦᠮᠦᠨ ᠲᠦᠷᠦᠯᠬᠢᠳᠡᠨ ᠪᠤᠯ ᠵᠢᠷᠭᠠᠯ ᠵᠤᠪᠠᠯᠠᠩ ᠨᠢᠭᠡᠳᠠᠢ ᠬᠤᠪᠢ ᠵᠠᠶᠠᠭᠠᠨ ᠤ ᠬᠠᠮᠳᠤ ᠶᠢᠨ ᠴᠤᠭᠴᠠ ᠪᠤᠯᠬᠤ ᠶᠢ ᠳᠠᠬᠢᠨᠳᠠ ᠬᠠᠷᠠᠭᠤᠯᠵᠤ᠂ ᠡᠯ᠎ᠠ ᠤᠯᠤᠰ ᠡᠷᠬᠡᠪᠰᠢ ᠪᠦᠯᠬᠦᠮᠳᠡᠨ ᠬᠠᠮᠳᠤᠷᠠᠯᠴᠠᠵᠤ᠂ ᠬᠠᠮᠳᠦ ᠪᠠᠷ ᠠᠷᠭᠠᠴᠠᠭᠠᠬᠤ ᠬᠡᠷᠡᠭᠳᠠᠢ᠃ ᠳᠤᠮᠳᠠᠳᠤ ᠤᠷᠤᠰ ᠳᠡᠯᠡᠬᠡᠢ ᠶᠢᠨ ᠬᠠᠷᠢᠭᠤᠴᠠᠯᠭᠠᠳᠤ ᠲᠤᠮᠤ ᠤᠯᠤᠰ ᠪᠠ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠠᠶᠤᠯ ᠦᠭᠡᠢ ᠶᠢᠨ ᠵᠦᠪᠯᠡᠯ ᠤᠨ ᠪᠠᠶᠢᠩᠭᠤ ᠶᠢᠨ ᠬᠡᠷᠡᠭ ᠡᠷᠬᠢᠯᠡᠬᠦ ᠤᠯᠤᠰ ᠪᠤᠯᠤᠭᠰᠠᠨ ᠤ ᠬᠤᠪᠢ ᠳᠤ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠ ᠵᠤᠬᠢᠴᠠᠭᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠡᠯ᠎ᠠ ᠵᠦᠢᠯ ᠤᠨ ᠠᠶᠤᠯ ᠲᠦᠭᠰᠢᠭᠦᠷᠢ ᠪᠠ ᠦᠷᠢᠰᠦᠯᠳᠦᠭᠡᠨ ᠢ ᠭᠠᠷ ᠬᠤᠯᠪᠤᠨ ᠠᠷᠭᠠᠴᠠᠭᠠᠬᠤ᠂ ᠡᠵᠡᠷᠬᠡᠬᠦ ᠦᠵᠡᠯ ᠪᠤᠯᠤᠨ ᠭᠠᠭᠴᠠ ᠲᠠᠯᠠᠳᠤ ᠠᠵᠢᠯᠯᠠᠭ᠎ᠠ ᠶᠢ ᠡᠰᠡᠷᠭᠦᠴᠡᠬᠦ᠂ ᠳᠡᠯᠡᠬᠡᠢ ᠶᠢᠨ ᠡᠩᠬᠡ ᠲᠠᠶᠢᠪᠤᠩ ᠲᠤᠭᠳᠠᠭᠤᠨ ᠢ ᠬᠠᠮᠠᠭᠠᠯᠠᠬᠤ᠂ ᠳᠡᠯᠡᠬᠡᠢ ᠶᠢᠨ ᠲᠦᠪ ᠭᠤᠤᠯᠴᠢ ᠰᠢᠳᠤᠷᠭᠤ ᠶᠤᠰᠤ ᠶᠢ ᠬᠠᠮᠠᠭᠠᠯᠠᠬᠤ᠂ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢᠨ ᠪᠠᠶᠢᠭᠤᠯᠤᠯᠳᠠ ᠶᠢ ᠠᠬᠢᠭᠤᠯᠬᠤ ᠳᠤ ᠨᠡᠩ ᠶᠡᠭᠡ ᠰᠢᠨ᠎ᠠ ᠬᠤᠪᠢ ᠨᠡᠮᠡᠷᠢ ᠦᠵᠡᠭᠦᠯᠦᠶ᠎ᠠ ᠭᠡᠵᠤ ᠵᠢᠭᠠᠵᠤ ᠭᠠᠷᠭᠠᠪᠠ᠃        ᠰᠢ ᠶᠢᠨ ᠫᠢᠩ᠂ ᠲᠦᠷᠦ ᠪᠠᠷᠢᠭᠴᠢ ᠨᠠᠮ ᠤᠨ ᠲᠤᠭᠳᠠᠴᠠ ᠶᠢᠨ ᠴᠢᠨᠠᠷᠳᠠᠢ ᠰᠤᠯᠢᠯᠴᠠᠭ᠎ᠠ ᠬᠠᠮᠳᠤᠷᠠᠯᠴᠠᠭ᠎ᠠ ᠪᠤᠯ ᠳᠤᠮᠳᠠᠳᠤ ᠤᠷᠤᠰ ᠤᠨ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠵᠤᠬᠢᠴᠠᠭᠤᠯᠭ᠎ᠠ ᠶᠢᠨ ᠴᠢᠬᠤᠯᠠ ᠲᠠᠪᠴᠠᠩ ᠪᠠ ᠠᠷᠭ᠎ᠠ ᠵᠠᠮ ᠪᠤᠯᠤᠨ᠎ᠠ᠃ ᠬᠤᠶᠠᠷ ᠨᠠᠮ ᠤᠨ ᠲᠦᠯᠦᠭᠡᠯᠡᠭᠴᠢᠳ ᠬᠤᠷᠠᠯ ᠤᠨ ᠭᠤᠤᠯ ᠰᠡᠳᠦᠪ ᠤᠨ ᠲᠤᠭᠤᠷᠢᠨ ᠳᠤ ᠰᠠᠨᠠᠯ ᠢᠶᠠᠨ ᠭᠦᠢᠴᠡᠳ ᠰᠤᠯᠢᠯᠴᠠᠵᠤ᠂ ᠭᠦᠨᠵᠡᠭᠡᠢ ᠤᠯᠤᠯᠴᠠᠵᠤ᠂ ᠳᠤᠮᠳᠠᠳᠤ ᠤᠷᠤᠰ ᠤᠨ ᠰᠢᠨ᠎ᠠ ᠴᠠᠭ ᠦᠶ᠎ᠠ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠨᠡᠮᠡᠷᠢᠯᠡᠬᠦ ᠶᠢ ᠬᠦᠰᠡᠵᠤ ᠪᠠᠶᠢᠨ᠎ᠠ ᠭᠡᠵᠤ ᠴᠢᠬᠤᠯᠠᠴᠢᠯᠠᠵᠠᠢ᠃      ᠫᠦᠲ᠋ᠢᠨ ᠪᠠᠶᠠᠷ ᠤᠨ ᠵᠠᠬᠢᠳᠠᠯ ᠳᠠᠭᠠᠨ᠂ ᠤᠷᠤᠰ ᠳᠤᠮᠳᠠᠳᠤ ᠶᠢᠨ ᠬᠠᠷᠢᠯᠴᠠᠭ᠎ᠠ ᠨᠢᠭᠡᠨᠳᠡ ᠤᠷᠢᠳ ᠡᠮᠦᠨ᠎ᠠ ᠪᠠᠶᠢᠭ᠎ᠠ ᠦᠭᠡᠢ ᠦᠨᠳᠦᠷ ᠲᠦᠪᠰᠢᠨ ᠳᠤ ᠬᠦᠷᠴᠤ᠂ ᠤᠳᠤᠬᠠᠨ ᠤ ᠳᠡᠯᠡᠭᠡᠢ ᠶᠢᠨ ᠤᠯᠤᠰ ᠤᠳ ᠤᠨ ᠬᠤᠭᠤᠷᠤᠨᠳᠤᠬᠢ ᠬᠠᠮᠵᠢᠯᠴᠠᠭᠠᠨ ᠤ ᠬᠡᠪ ᠳᠠᠭᠤᠷᠢᠶᠠᠯ ᠬᠡᠮᠡᠭᠳᠡᠵᠤ ᠪᠤᠢ᠃ ᠬᠤᠶᠠᠷ ᠲᠠᠯ᠎ᠠ ᠪᠠᠷ ᠢᠶᠠᠨ ᠭᠠᠵᠠᠷ ᠤᠷᠤᠨ ᠪᠤᠯᠤᠨ ᠳᠡᠯᠡᠭᠡᠢ ᠶᠢᠨ ᠪᠤᠳᠠᠳᠤ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠬᠠᠮᠵᠢᠯᠴᠠᠨ ᠴᠢᠷᠮᠠᠶᠢᠵᠤ᠂ ᠳᠡᠯᠡᠬᠡᠢ ᠶᠢᠨ ᠠᠮᠤᠷ ᠲᠦᠪᠰᠢᠨ ᠪᠠ ᠲᠤᠭᠳᠠᠭᠤᠨ ᠢ ᠬᠠᠮᠠᠭᠠᠯᠠᠬᠤ ᠶᠢ ᠬᠠᠮᠳᠦ ᠪᠠᠷ ᠠᠬᠢᠭᠤᠯᠪᠠ᠃ ᠤᠷᠤᠰ ᠳᠤᠮᠳᠠᠳᠤ ᠶᠢᠨ ᠲᠦᠷᠦ ᠪᠠᠷᠢᠭᠴᠢ ᠨᠠᠮ ᠤᠨ ᠶᠠᠷᠢᠯᠴᠠᠭ᠎ᠠ ᠬᠤᠶᠠᠷ ᠤᠯᠤᠰ ᠤᠨ ᠬᠠᠷᠢᠯᠴᠠᠭᠠᠨ ᠤ ᠴᠢᠬᠤᠯᠠ ᠪᠦᠷᠢᠯᠳᠦᠭᠦᠨ ᠪᠤᠯᠤᠭᠰᠠᠭᠠᠷ ᠢᠷᠡᠵᠠᠢ᠃ ᠨᠢᠭᠡᠳᠦᠭᠰᠡᠨ ᠤᠷᠤᠰ ᠨᠠᠮ ᠪᠤᠯᠤᠨ ᠳᠤᠮᠳᠠᠳᠤ ᠤᠯᠤᠰ ᠤᠨ ᠡᠪ ᠬᠠᠮᠳᠤ ᠨᠠᠮ ᠲᠤᠭᠳᠠᠮᠠᠯ ᠬᠤᠭᠤᠴᠠᠭ᠎ᠠ ᠲᠠᠢ ᠪᠠᠷ ᠲᠤᠷᠰᠢᠯᠭ᠎ᠠ ᠪᠠᠨ ᠰᠤᠯᠢᠯᠴᠠᠵᠤ᠂ ᠬᠤᠶᠠᠷ ᠲᠠᠯ᠎ᠠ ᠶᠢᠨ ᠡᠯ᠎ᠠ ᠬᠦᠷᠢᠶᠡᠨ ᠤ ᠬᠠᠷᠢᠯᠴᠠᠨ ᠠᠰᠢᠭᠳᠠᠢ ᠬᠠᠮᠳᠤᠷᠠᠯᠴᠠᠭ᠎ᠠ ᠶᠢᠨ ᠲᠦᠷᠦᠯ ᠵᠦᠢᠯ ᠢ ᠠᠬᠢᠭᠤᠯᠬᠤ ᠶᠢᠨ ᠬᠠᠮᠳᠤ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠦᠯᠦᠭᠡ ᠶᠢ ᠢᠯᠠᠨ ᠳᠠᠪᠠᠵᠤ᠂ ᠠᠯᠤᠰ ᠠᠴᠠ ᠰᠤᠯᠢᠯᠴᠠᠬᠤ ᠰᠢᠨ᠎ᠠ ᠬᠡᠯᠪᠡᠷᠢ ᠶᠢ ᠠᠰᠢᠡᠡᠯᠠᠨ᠂ ᠬᠤᠯᠪᠤᠭᠳᠠᠯ ᠪᠦᠬᠦᠢ ᠬᠠᠮᠳᠤᠷᠠᠯᠴᠠᠭ᠎ᠠ ᠶᠢ ᠦᠷᠭᠦᠯᠵᠢᠯᠡᠨ ᠢᠳᠡᠪᠬᠢᠳᠠᠢ ᠠᠬᠢᠭᠤᠯᠵᠤ ᠪᠠᠶᠢᠨ᠎ᠠ᠃ ᠲᠤᠰ ᠤᠳᠠᠭ᠎ᠠ ᠶᠢᠨ ᠬᠤᠷᠠᠯ ᠨᠢ ᠪᠠᠶᠠᠯᠢᠭ ᠠᠭᠤᠯᠭ᠎ᠠ ᠲᠠᠢ ᠠᠴᠢ ᠲᠤᠰᠠ ᠲᠠᠢ ᠶᠠᠷᠢᠯᠴᠠᠭ᠎ᠠ ᠦᠷᠨᠢᠭᠦᠯᠵᠤ ᠂ ᠰᠢᠨ᠎ᠠ ᠦᠵᠡᠯ ᠰᠠᠨᠠᠭ᠎ᠠ ᠰᠢᠨ᠎ᠠ ᠰᠠᠨᠠᠭᠠᠴᠢᠯᠠᠭ᠎ᠠ ᠳᠤᠷᠠᠳᠴᠤ᠂ ᠤᠷᠤᠰ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭᠠᠨ ᠤ ᠬᠠᠨᠢᠳᠠᠨ ᠤ ᠬᠠᠷᠢᠯᠴᠠᠭ᠎ᠠ ᠶᠢ ᠤᠯᠠᠮ ᠴᠢᠨᠠᠭᠰᠢᠳᠠ ᠪᠠᠬᠢᠵᠢᠭᠦᠯᠬᠦ ᠶᠢ ᠢᠳᠡᠭᠡᠵᠤ ᠪᠠᠶᠢᠨ᠎ᠠ ᠭᠡᠵᠤ ᠢᠯᠡᠳᠭᠡᠪᠡ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号