ᠮᠠᠨ ᠤ ᠬᠤᠰᠢᠭᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠬᠤᠷᠠᠯ ᠵᠢᠴᠢ ᠪᠤᠯᠪᠠᠰᠤᠨ ᠬᠤᠲᠠ ᠶᠢ ᠡᠭᠦᠳᠤᠨ ᠪᠠᠶᠢᠭᠤᠯᠬᠤ ᠠᠵᠢᠯ ᠤᠨ ᠠᠭᠢᠭᠤᠯᠤᠯᠳᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-27
     7 ᠰᠠᠷ᠎ᠠ ᠶᠢᠨ 22 ᠤᠨ ᠡᠳᠦᠷ᠂ ᠮᠠᠨ ᠤ ᠬᠤᠰᠢᠭᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠬᠤᠷᠠᠯ ᠵᠢᠴᠢ ᠪᠤᠯᠪᠠᠰᠤᠨ ᠬᠤᠲᠠ ᠶᠢ ᠡᠭᠦᠳᠤᠨ ᠪᠠᠶᠢᠭᠤᠯᠬᠤ ᠠᠵᠢᠯ ᠤᠨ ᠠᠭᠢᠭᠤᠯᠤᠯᠳᠠ ᠶᠢᠨ ᠬᠤᠷᠠᠯ ᠢ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ ᠪᠣᠳᠠᠲᠠᠶ ᠠᠵᠢᠯ ᠳᠤ ᠲᠤᠭᠢᠷᠠᠭᠤᠯᠤᠯᠳᠠ ᠪᠠᠶᠢᠷᠢᠯᠠᠭᠤᠯᠤᠯᠳᠠ ᠭᠢᠵᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠡᠷᠭᠡ ᠪᠥᠬᠦ ᠬᠤᠰᠢᠭᠤᠨ ᠤ ᠬᠡᠷ‌‍ᠲ᠋ᠡᠭᠡᠨ ᠪᠠᠶᠢᠭ᠎ᠠ ᠬᠤᠰᠢᠭᠤ ᠰᠢᠶᠠᠨ ᠤ ᠲᠠᠰ ᠤᠨ ᠤᠳᠤᠷᠢᠳᠤᠯᠭ᠎ᠠ ᠪᠤᠯᠤᠨ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠭᠠᠯᠠᠭᠤᠲᠤ ᠪᠠᠯᠭᠠᠰᠤᠨ ᠤ ᠡᠯ᠎ᠡ ᠨᠡᠶᠢᠭᠡᠮ ᠲᠣᠭᠤᠷᠢᠭ‌‍ᠤᠨ ᠱᠦᠵᠢ ᠬᠤᠷᠠᠯ ᠳᠤ ᠣᠷᠣᠯᠴᠠᠵᠠᠶ᠃
     ᠬᠤᠷᠠᠯ ᠳᠡᠭᠡᠷ᠎ᠡ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ ᠪᠥᠬᠦ ᠤᠯᠤᠰ ᠤᠨ ᠬᠤᠰᠢᠭᠤ ᠰᠢᠶᠠᠨ ᠤ ᠲᠠᠰ ᠤᠨ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠠᠵᠢᠯ ᠤᠨ ᠪᠣᠯᠪᠠᠰᠤᠷᠠᠯ ᠤᠨ ᠠᠩᠭᠢ ᠶᠢᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠵᠤ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠦᠪᠯᠡᠯ ᠤᠨ ᠠᠯᠪᠠᠨ ᠬᠡᠷ ᠤᠨ ᠮᠠᠨ  ᠤ ᠬᠤᠰᠢᠭᠤᠨ ᠤ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠠᠵᠢᠯ ᠳᠤ ᠭᠢᠨᠠᠨ ᠵᠢᠯᠤᠭᠤᠳᠤᠯᠭ᠎ᠠ ᠭᠢᠵᠤ ᠬᠠᠷᠢᠭᠤ ᠲᠤᠰᠬᠠᠭᠰᠠᠨ ᠰᠠᠨᠠᠯ ᠢ ᠵᠠᠷᠯᠠᠨ ᠮᠡᠳᠡᠭᠳᠡᠪᠡ᠃      ᠡᠷᠳᠡᠨᠢᠪᠢᠯᠢᠭ ᠪᠥᠬᠦ ᠤᠯᠤᠰ ᠤᠨ ᠬᠤᠰᠢᠭᠤ ᠰᠢᠶᠠᠨ ᠤ ᠲᠠᠰ ᠤᠨ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠠᠵᠢᠯ ᠤᠨ ᠪᠣᠯᠪᠠᠰᠤᠷᠠᠯ ᠳᠤ ᠤᠷᠤᠯᠴᠠᠭᠰᠠᠨ ᠲᠥᠷᠥᠭᠳᠡᠯ ᠢ ᠣᠯᠠᠨ ᠲᠠᠢ ᠬᠤᠪᠢᠶᠠᠯᠴᠠᠵᠤ ᠣᠳᠣᠬᠠᠨ ᠤ ᠡᠭᠦᠳᠦᠨ ᠪᠠᠶᠢᠭᠤᠯᠤᠯᠳᠠ ᠶᠢᠨ ᠠᠵᠢᠯ ᠤᠨ ᠪᠠᠶᠢᠳᠠᠯ ᠢ ᠵᠠᠳᠠᠯᠪᠠ᠃ ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠪᠣᠯ ᠨᠠᠮ ᠪᠣᠯᠤᠨ ᠤᠯᠤᠰ ᠤᠨ ᠠᠵᠢᠯ ᠥᠢᠯᠡᠰ ᠤᠨ ᠬᠥᠭᠵᠢᠯᠲᠡ ᠲᠠᠢ ᠨᠢᠭᠲᠠ ᠬᠤᠯᠪᠣᠭᠳᠠᠬᠤ ᠴᠢᠬᠤᠯᠠ ᠡᠭᠦᠷᠭᠡ ᠪᠣᠯᠤᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠠᠵᠢᠯ ᠢ ᠶᠡᠷᠦᠩᠬᠡᠶᠢᠯᠡᠨ ᠵᠢᠯᠣᠭᠤᠳᠬᠤ ᠤᠯᠤᠰ ᠲᠥᠷᠥ ᠶᠢᠨ ᠤᠬᠠᠮᠰᠠᠷ ᠪᠠ ᠠᠵᠢᠯᠯᠠᠭᠠᠨ ᠤ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠰᠢᠨ᠎ᠡ ᠴᠠᠭ ᠦᠶ᠎ᠡ ᠶᠢᠨ ᠪᠣᠯᠪᠠᠰᠤᠨ ᠬᠤᠳᠠ ᠶᠢᠨ ᠡᠭᠦᠳᠦᠨ ᠪᠠᠶᠢᠭᠤᠯᠤᠯᠳᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠭᠦᠯᠭᠦ ᠬᠡᠷᠡᠭᠲᠡᠢ︔ ᠰᠢᠨ᠎ᠡ ᠴᠠᠭ ᠦᠶ᠎ᠡ ᠶᠢᠨ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠠᠵᠢᠯ ᠤᠨ ᠡᠭᠦᠷᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠵᠦ ᠪᠣᠯᠪᠠᠰᠤᠨ ᠬᠤᠳᠠ ᠶᠢᠨ ᠡᠭᠦᠳᠦᠨ ᠪᠠᠶᠢᠭᠤᠯᠤᠯᠳᠠ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃ ᠰᠢᠨ᠎ᠡ ᠴᠠᠭ ᠦᠶ᠎ᠡ ᠶᠢᠨ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠵᠢᠮ᠎ᠡ ᠶᠣᠰᠣ ᠪᠠ ᠠᠷᠭ᠎ᠠ ᠶᠢ ᠡᠵᠡᠮᠰᠢᠵᠦ ᠤᠨᠤᠪᠴᠢᠳᠠᠢ ᠬᠠᠷᠢᠴᠠᠭᠤᠯᠤᠨ ᠵᠥᠷᠢᠶ᠎ᠡ ᠪᠠᠨ ᠡᠷᠢᠵᠦ᠂ ᠨᠠᠷᠢᠯᠢᠭ ᠬᠠᠮᠢᠶᠠᠷᠴᠤ᠂ ᠲᠤᠳᠠᠭᠳᠠᠯ ᠢᠶᠠᠨ ᠨᠥᠬᠦᠪᠥᠷᠢᠯᠡᠵᠦ᠂ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠠᠵᠢᠯ ᠢ ᠨᠠᠩ ᠭᠦᠨᠵᠡᠭᠡᠶ ᠨᠠᠩ ᠪᠦᠲᠦᠮᠵᠢᠲᠡᠶ ᠠᠭᠢᠭᠤᠯᠬᠤ ᠭᠡᠷᠡᠭᠳᠠᠢ ᠭᠡᠵᠡᠢ᠃
     ᠡᠷᠳᠡᠨᠢᠪᠢᠯᠢᠭ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ ᠬᠡᠮᠵᠢᠨ ᠲᠣᠭᠲᠠᠭᠠᠬᠤ ᠰᠢᠰᠲ᠋ᠧᠮ ᠤᠨ ᠪᠠᠷᠢᠮᠵᠢᠶ᠎ᠠ᠂ ᠠᠰᠠᠭᠤᠳᠠᠯ ᠤᠨ ᠨᠠᠷᠢᠨ ᠳᠠᠩᠰᠠ ᠲᠠᠢ ᠬᠠᠷᠢᠴᠠᠭᠤᠯᠤᠨ ᠨᠢᠭᠡ ᠨᠢᠭᠡ ᠪᠠᠷ ᠴᠡᠭᠴᠡᠯᠡᠨ ᠰᠠᠶᠢᠵᠢᠷᠠᠭᠤᠯᠵᠤ ᠪᠤᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠠᠵᠢᠯ ᠢ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠶ︔ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ ᠠᠰᠠᠭᠤᠳᠠᠯ ᠤᠨ ᠤᠳᠤᠷᠢᠳᠤᠮᠵᠢ ᠪᠠ ᠬᠠᠷᠠᠯᠲᠠ ᠶᠢᠨ ᠤᠳᠤᠷᠢᠳᠤᠮᠵᠢ ᠶᠢᠨ ᠲᠣᠭᠤᠷᠢᠨ ᠳᠤ ᠲᠤᠲᠠᠭᠤᠳᠠᠯ ᠢ ᠨᠥᠭᠦᠪᠤᠷᠢᠯᠠᠨ᠂ ᠠᠬᠢᠴᠠ ᠶᠢ ᠲᠦᠷᠭᠡᠳᠬᠡᠵᠦ᠂ ᠡᠯ᠎ᠡ ᠲᠥᠷᠤᠯ ᠤᠨ ᠰᠠᠭᠤᠷᠢ ᠲᠥᠭᠦᠭᠡᠷᠤᠮᠵᠢ ᠶᠢᠨ ᠢᠨᠵᠧᠨᠧᠷᠢᠩ ᠶᠢᠨ ᠰᠢᠯᠭᠠᠨ ᠬᠤᠷᠢᠶᠠᠯᠳᠠ ᠶᠢᠨ ᠨᠥᠬᠦᠴᠡᠯ ᠢ ᠪᠦᠷᠢᠯᠳᠦᠭᠦᠯᠬᠦ ᠬᠡᠷᠡᠭᠲᠡᠶ︔ ᠲᠤᠰᠬᠠᠢ ᠵᠦᠢᠯ ᠤᠨ ᠪᠣᠭᠤᠮᠲᠠ ᠰᠢᠪᠲᠤᠯᠵᠤ ᠴᠡᠭᠴᠡᠯᠡᠨ ᠵᠠᠰᠠᠬᠤ ᠠᠵᠢᠯ ᠢ ᠳᠤᠪᠤᠶᠢᠮ᠎ᠠ ᠠᠳᠬᠤᠵᠤ ᠡᠯ᠎ᠡ ᠡᠭᠦᠳᠦᠨ ᠪᠠᠶᠢᠭᠤᠯᠤᠯᠳᠠ ᠶᠢᠨ ᠬᠠᠷᠢᠭᠤᠴᠠᠯᠭᠠᠲᠤ ᠨᠢᠭᠡᠴᠢ ᠪᠣᠯᠤᠨ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠥᠪᠡᠷ ᠥᠪᠡᠷ ᠤᠨ ᠡᠭᠦᠷᠭᠡ ᠶᠢᠨ ᠬᠤᠪᠢᠶᠠᠷᠢᠯᠠᠯ ᠳᠠᠭᠠᠨ ᠴᠢᠭᠯᠡᠭᠦᠯᠵᠦ ᠪᠣᠯᠪᠠᠰᠤᠨ ᠬᠤᠳᠠ ᠶᠢᠨ ᠡᠭᠦᠳᠦᠨ ᠪᠠᠶᠢᠭᠤᠯᠤᠯᠳᠠ ᠶᠢᠨ ᠠᠵᠢᠯ ᠢ ᠳᠦᠷᠢᠮᠵᠢᠭᠦᠯᠵᠦ ᠪᠠᠶᠢᠩᠭᠤᠵᠢᠭᠤᠯᠬᠤ ᠭᠡᠷᠡᠭᠳᠠᠢ︔ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠶᠢᠨ ᠠᠭᠤᠷ ᠠᠮᠢᠰᠬᠤᠯ ᠢ ᠪᠤᠢ ᠪᠤᠯᠭᠠᠬᠤ ᠶᠢ ᠰᠠᠶᠢᠲᠤᠷ ᠠᠳᠬᠤᠵᠤ ᠡᠯ᠎ᠡ ᠲᠥᠷᠤᠯ ᠤᠨ ᠠᠷᠭ᠎ᠠ ᠪᠠᠷᠢᠯ ᠢ ᠠᠰᠢᠭᠯᠠᠨ ᠡᠬᠢ ᠪᠠᠶᠠᠯᠢᠭ ᠢ ᠳᠠᠶᠢᠴᠢᠯᠠᠵᠤ ᠰᠠᠶᠢᠨ ᠲᠤᠷᠰᠢᠯᠭ᠎ᠠ᠂ ᠰᠠᠶᠢᠨ ᠠᠷᠭ᠎ᠠ ᠪᠠᠷᠢᠯ ᠪᠣᠯᠤᠨ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠵᠤ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠴᠠᠭ ᠲᠤᠬᠠᠶ ᠳᠤᠨᠢ ᠢᠯᠡᠴᠢᠯᠡᠨ ᠮᠡᠳᠡᠭᠦᠯᠵᠦ ᠣᠯᠠᠨ ᠲᠦᠮᠡᠨ ᠢ ᠵᠢᠯᠣᠭᠤᠳᠤᠨ ᠪᠤᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠠᠵᠢᠯ ᠳᠤ ᠣᠷᠣᠯᠴᠠᠭᠤᠯᠵᠤ ᠡᠭᠦᠳᠤᠨ ᠪᠠᠶᠢᠭᠤᠯᠤᠯᠳᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ ᠲᠤᠤᠷᠴᠢᠯᠠᠭᠰᠠᠨ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠬᠤ ᠭᠡᠷᠡᠭᠳᠠᠢ ᠭᠡᠵᠡᠢ᠃      ᠡᠷᠳᠡᠨᠢᠪᠢᠯᠢᠭ ᠴᠢᠬᠤᠯᠠᠴᠢᠯᠠᠭᠰᠠᠨ ᠨᠢ᠂ ᠪᠦᠬᠦ ᠬᠤᠰᠢᠭᠤ ᠪᠠᠷ ᠢᠶᠠᠨ ᠦᠳᠲᠡᠷ ᠲᠦᠷᠭᠡᠨ ᠬᠥᠳᠡᠯᠦᠯᠴᠡᠵᠦ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠠᠵᠢᠯ ᠢ ᠣᠳᠣᠬᠠᠨ ᠤ ᠠᠵᠢᠯ ᠤᠨ ᠭᠤᠤᠯᠳᠠᠯᠭ᠎ᠠ ᠪᠤᠯᠭᠠᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠥᠪᠡᠷ ᠤᠨ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠵᠤ ᠳᠠᠭᠠᠭᠠᠴᠢᠯᠠᠨ ᠬᠤᠯᠪᠣᠭᠠᠯᠠᠭᠰᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ ᠬᠦᠴᠢᠷ ᠠᠰᠠᠭᠤᠳᠠᠯ ᠢ ᠰᠤᠳᠤᠯᠤᠨ ᠰᠢᠢᠳᠪᠦᠷᠢᠯᠡᠵᠦ ᠪᠦᠬᠦ ᠬᠤᠰᠢᠭᠤᠨ ᠤ ᠺᠠᠳ᠋ᠷ ᠣᠯᠠᠨ ᠲᠥᠮᠡᠨ ᠢ ᠳᠠᠶᠢᠴᠢᠯᠠᠨ ᠡᠭᠦᠳᠤᠨ ᠪᠠᠶᠢᠭᠤᠯᠤᠯᠳᠠ ᠶᠢᠨ ᠠᠵᠢᠯ ᠳᠤ ᠢᠳᠡᠪᠬᠢᠲᠡᠢ ᠤᠷᠤᠯᠴᠠᠭᠤᠯᠬᠤ ᠭᠡᠷᠡᠭᠳᠠᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠪᠤᠳᠠᠳᠠᠶᠢᠵᠢᠭᠤᠯᠤᠨ ᠭᠤᠤᠯ ᠴᠣᠭᠴᠠ ᠶᠢᠨ ᠥᠢᠯᠡᠳᠤᠯ ᠢ ᠪᠠᠳᠠᠷᠠᠭᠤᠯᠵᠤ ᠨᠢᠭᠡᠳᠦᠯᠲᠡᠶ ᠵᠢᠯᠤᠭᠤᠳᠤᠯᠭ᠎ᠠ ᠲᠤᠬᠢᠷᠠᠭᠤᠯᠤᠯᠲᠠ ᠶᠤᠰᠤᠭᠠᠷ ᠠᠵᠢᠯ ᠤᠨ ᠬᠠᠷᠢᠭᠤᠴᠠᠯᠭ᠎ᠠ ᠪᠠᠨ ᠭᠥᠢᠴᠡᠳᠭᠡᠭᠦ ᠬᠡᠷᠡᠭᠲᠡᠶ᠃ ᠡᠯ᠎ᠡ ᠨᠡᠶᠢᠭᠡᠮ ᠲᠣᠭᠤᠷᠢᠭ ᠪᠣᠯᠤᠨ ᠲᠣᠤᠷᠵᠢᠭᠤᠯᠤᠭᠰᠠᠨ ᠪᠦᠷᠢᠯᠳᠦᠬᠦᠨ ᠨᠢᠭᠡᠴᠢ ᠬᠠᠮᠲᠤᠪᠠᠷ ᠪᠠᠶᠢᠭᠤᠯᠵᠤ ᠬᠠᠮᠲᠤᠪᠠᠷ ᠡᠭᠦᠳᠬᠦ ᠠᠵᠢᠯ ᠤᠨ ᠪᠠᠶᠢᠷᠢᠰᠢᠯ ᠢ ᠪᠣᠶ ᠪᠣᠯᠭᠠᠵᠤ ᠡᠯ᠎ᠡ ᠪᠣᠯᠪᠠᠰᠤᠨ ᠨᠢᠭᠡᠴᠢ ᠦᠯᠢᠭᠡᠷ ᠳᠠᠭᠤᠷᠢᠶᠠᠯ ᠪᠤᠯᠵᠤ ᠰᠠᠶᠢᠨ ᠳᠤᠷ᠎ᠠ ᠶᠢᠨ ᠥᠢᠯᠠᠴᠢᠯᠡᠭᠡᠨ ᠤ ᠠᠵᠢᠯᠯᠠᠭ᠎ᠠ ᠶᠢ ᠪᠤᠯᠪᠠᠰᠤᠨ ᠬᠤᠳᠠ ᠶᠢ ᠡᠭᠦᠳᠤᠨ ᠪᠠᠶᠢᠭᠤᠯᠬᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠶ ᠭᠡᠵᠡᠢ᠃      ᠡᠷᠳᠡᠨᠢᠪᠢᠯᠢᠭ ᠴᠢᠬᠤᠯᠠᠴᠢᠯᠠᠭᠰᠠᠨ ᠨᠢ᠂ ᠪᠦᠬᠦ ᠤᠯᠤᠰ ᠤᠨ ᠬᠤᠰᠢᠭᠤ ᠰᠢᠶᠠᠨ ᠤ ᠲᠠᠰ ᠤᠨ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠠᠵᠢᠯ ᠨᠢᠭᠡᠨᠲᠡ ᠰᠢᠪᠲᠤᠯᠤᠯᠲᠠ ᠶᠢᠨ ᠴᠠᠭ ᠮᠥᠴᠡ ᠳᠤ ᠤᠷᠤᠭᠰᠠᠨ ᠪᠣᠯᠬᠤᠷ ᠪᠥᠭᠦ ᠬᠤᠰᠢᠭᠤ ᠪᠠᠷ ᠢᠶᠠᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠤᠷᠢᠳᠤ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠬᠠᠮᠤᠭ ᠤᠨ ᠲᠡᠭᠡᠳᠤ ᠪᠠᠷᠢᠮᠵᠢᠶ᠎ᠠ᠂ ᠬᠠᠮᠤᠭ ᠤᠨ ᠪᠣᠳᠠᠲᠠᠶ ᠠᠷᠭ᠎ᠠ ᠬᠡᠮᠵᠢᠶ᠎ᠡ᠂ ᠬᠠᠮᠤᠭ ᠤᠨ ᠰᠠᠶᠢᠨ ᠪᠠᠶᠢᠳᠠᠯ ᠢᠶᠠᠷ ᠪᠦᠬᠦ ᠤᠯᠤᠰ ᠤᠨ ᠬᠤᠰᠢᠭᠤ ᠰᠢᠶᠠᠨ ᠤ ᠲᠠᠰ ᠤᠨ ᠪᠣᠯᠪᠠᠰᠤᠨ ᠬᠤᠲᠠ ᠶᠢ ᠪᠠᠶᠢᠭᠤᠯᠤᠨ ᠪᠣᠯᠪᠠᠰᠤᠨ ᠡᠶ᠎ᠡ ᠵᠣᠬᠢᠴᠠᠯ ᠲᠠᠢ ︽ᠨᠤᠮᠢᠨ ᠲᠠᠩᠰᠤᠭ ᠦᠦᠰᠢᠨ︾ ᠢ ᠪᠦᠲᠦᠭᠡᠨ ᠪᠠᠶᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠭᠦ ᠭᠡᠷᠡᠭᠳᠠᠢ ᠭᠡᠵᠡᠢ᠃
     ᠵᠤᠤ ᠹᠸᠢ ᠯᠦ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠭᠤᠤᠯᠳᠠᠯᠭ᠎ᠠ ᠨᠢ ᠡᠳᠦᠷ ᠲᠤᠲᠤᠮ ᠤᠨ ᠠᠵᠢᠯ ᠪᠣᠯᠬᠤ ᠲᠤᠯᠠ ᠨᠠᠷᠢᠯᠢᠭ ᠬᠠᠮᠢᠶᠠᠷᠤᠯᠲᠠ ᠪᠠᠨ ᠴᠢᠩᠭᠠᠳᠬᠠᠨ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠪᠣᠳᠠᠲᠠᠶ ᠠᠰᠠᠭᠤᠳᠠᠯ ᠢ ᠰᠢᠢᠳᠪᠤᠷᠢᠯᠠᠭᠦ ᠠᠴᠠ ᠭᠠᠷᠳᠠᠵᠤ ᠣᠯᠠᠨ ᠲᠦᠮᠡᠨ ᠳᠤ ᠡᠭᠦᠳᠤᠨ ᠪᠠᠶᠢᠭᠤᠯᠤᠯᠳᠠ ᠶᠢᠨ ᠠᠵᠢᠯᠯᠠᠭ᠎ᠠ ᠠᠴᠠ ᠠᠰᠢᠭ ᠭᠥᠷᠳᠡᠭᠡᠭᠦ ᠭᠡᠷᠡᠭᠳᠠᠢ᠃ ᠡᠳ᠋ ᠤᠨ ᠵᠠᠰᠠᠭ ᠤᠨ ᠳᠠᠷᠤᠯᠲᠠ ᠶᠢ ᠴᠢᠬᠤᠯᠠᠴᠢᠯᠠᠵᠤ ᠨᠣᠭᠤᠭᠠᠷᠠᠭᠤᠯᠤᠯᠲᠠ ᠳᠤᠲᠠᠮᠠᠭ᠂ ᠵᠠᠮ ᠲᠡᠭᠰᠢ ᠥᠭᠡᠢ᠂ ᠪᠠᠷᠢᠯᠭ᠎ᠠ ᠶᠢᠨ ᠬᠡᠷᠡᠮ ᠪᠠᠯᠪᠠᠷᠠᠬᠠᠢ ᠵᠡᠷᠭᠡ ᠠᠰᠠᠭᠤᠳᠠᠯ ᠢ ᠰᠢᠢᠳᠪᠦᠷᠢᠯᠡᠵᠦ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠠᠨ ᠵᠠᠰᠠᠬᠤ᠂ ᠪᠣᠯᠪᠠᠰᠤᠨ ᠵᠠᠮ ᠬᠠᠷᠢᠯᠴᠠᠭ᠎ᠠ᠂ ᠣᠯᠠᠨ ᠨᠡᠶᠢᠲᠡ ᠶᠢᠨ ᠲᠠᠯᠠᠪᠤᠷ ᠤᠨ ᠦᠢᠯᠡᠴᠢᠯᠡᠭᠡ ᠶᠢ ᠲᠡᠭᠡᠭᠰᠢᠯᠠᠭᠦᠯᠭᠦ ᠬᠤᠲᠠ ᠶᠢᠨ ᠠᠷᠠᠳ ᠤᠨ ᠪᠣᠯᠪᠠᠰᠤᠨ ᠬᠡᠪ ᠴᠢᠨᠠᠷ ᠢ ᠳᠡᠭᠡᠭᠰᠢᠯᠡᠭᠦᠯᠬᠦ᠂ ᠣᠯᠠᠨ ᠨᠡᠶᠢᠲᠡ ᠶᠢᠨ ᠲᠥᠭᠦᠭᠡᠷᠤᠮᠵᠢ ᠶᠢ ᠳᠦᠷᠢᠮᠵᠢᠭᠦᠯᠦᠨ ᠪᠠᠶᠢᠷᠢᠯᠠᠭᠤᠯᠬᠤ᠂ ᠤᠬᠠᠭᠤᠯᠭ᠎ᠠ ᠶᠢᠨ ᠠᠭᠤᠷ ᠠᠮᠢᠰᠬᠤᠯ ᠢ ᠪᠣᠢ ᠪᠣᠯᠭᠠᠬᠤ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠭᠢᠭᠦ ᠭᠡᠷᠡᠭᠳᠠᠢ᠃ ᠪᠦᠬᠦ ᠬᠤᠰᠢᠭᠤᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠡᠭᠦᠳᠤᠨ ᠪᠠᠶᠢᠭᠤᠯᠤᠯᠳᠠ ᠶᠢᠨ ᠠᠵᠢᠯ ᠢ ᠴᠢᠬᠤᠯᠠᠴᠢᠯᠠᠨ ᠰᠠᠯᠠᠭ᠎ᠠ ᠮᠥᠴᠢᠷ ᠢᠳᠡᠪᠭᠢᠯᠠᠵᠤ ᠪᠦᠬᠦ ᠠᠷᠠᠳ ᠢᠶᠠᠷ ᠢᠶᠠᠨ ᠤᠷᠤᠯᠴᠠᠭᠰᠠᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠤᠯᠭᠠᠨ ᠪᠤᠯᠪᠠᠰᠤᠨ ᠬᠤᠲᠠ  ᠶᠢᠨ ᠡᠭᠦᠳᠦᠨ ᠪᠠᠶᠢᠭᠤᠯᠤᠯᠳᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠭᠡᠷᠡᠭᠳᠠᠢ ᠭᠡᠵᠡᠢ  ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号