ᠮᠠᠨ ᠤ ᠬᠤᠰᠢᠭᠤᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠤᠨ ᠬᠠᠯᠳᠠᠪᠤᠷᠢᠲᠤ ᠡᠪᠡᠳᠴᠢᠨ ᠤ ᠪᠠᠴᠢᠮ ᠪᠠᠶᠢᠳᠠᠯ ᠢ ᠰᠢᠢᠳᠪᠦᠷᠢᠯᠡᠬᠦ ᠲᠤᠷᠰᠢᠯᠲᠠ ᠶᠢᠨ ᠠᠰᠠᠷ ᠤᠨ ᠫᠠᠶᠢᠰᠠ ᠰᠡᠬᠦᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2020-07-27
     7 ᠰᠠᠷ᠎ᠠ ᠶᠢᠨ 23 ᠤ ᠡᠳᠦᠷ᠂ ᠮᠠᠨ ᠤ ᠬᠤᠰᠢᠭᠤᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ  ᠤᠨ ᠬᠠᠯᠳᠠᠪᠤᠷᠢᠲᠤ ᠡᠪᠡᠳᠴᠢᠨ ᠤ ᠪᠠᠴᠢᠮ ᠪᠠᠶᠢᠳᠠᠯ ᠢ ᠰᠢᠢᠳᠪᠦᠷᠢᠯᠡᠬᠦ ᠲᠤᠷᠰᠢᠯᠲᠠ ᠶᠢᠨ ᠠᠰᠠᠷ ᠤᠨ ᠫᠠᠶᠢᠰᠠ ᠰᠡᠬᠦᠬᠦ ᠶᠣᠰᠣᠯᠠᠯ ᠶᠠᠪᠤᠭᠳᠠᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠹᠦ᠋ ᠷᠦᠢ ᠹᠧᠩ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠸᠠᠩ ᠺᠠᠶ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠠᠭᠤᠯᠠ᠂ ᠬᠤᠰᠢᠭᠤ ᠤᠳᠤᠷᠢᠳᠤᠯᠭ᠎ᠠ ᠾᠧ ᠤᠯᠠᠭᠠᠨ᠂ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠤᠨ ᠺᠠᠳ᠋ᠷ ᠠᠵᠢᠯᠲᠠᠨ ᠠᠵᠢᠯᠴᠢᠨ ᠫᠠᠶᠢᠰᠠ ᠰᠡᠬᠦᠬᠦ ᠶᠤᠰᠤᠯᠠᠯ  ᠳᠤ ᠣᠷᠣᠯᠴᠠᠪᠠ᠃
     ᠶᠣᠰᠣᠯᠠᠯ ᠳᠡᠭᠡᠷ᠎ᠡ ᠹᠦ᠋ ᠷᠦᠢ ᠹᠧᠩ᠂ ᠸᠠᠩ ᠺᠠᠶ᠂ ᠡᠷᠳᠡᠨᠢᠪᠢᠯᠢᠭ᠂ ᠠᠭᠤᠯᠠ ᠨᠠᠷ ᠮᠠᠨ ᠤ ᠬᠤᠰᠢᠭᠤᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠤᠨ ᠬᠠᠯᠳᠠᠪᠤᠷᠢᠲᠤ ᠡᠪᠡᠳᠴᠢᠨ ᠤ ᠪᠠᠴᠢᠮ ᠪᠠᠶᠢᠳᠠᠯ ᠢ ᠰᠢᠢᠳᠪᠦᠷᠢᠯᠡᠬᠦ ᠲᠤᠷᠰᠢᠯᠲᠠ ᠶᠢᠨ ᠠᠰᠠᠷ ᠤᠨ ᠫᠠᠶᠢᠰᠠ ᠶᠢ ᠰᠡᠬᠦᠪᠡ᠃ ᠠᠭᠤᠯᠠ ᠶᠠᠷᠢᠶᠠᠨ ᠳᠤ ᠪᠠᠨ᠂ ᠤᠶᠢᠷ᠎ᠠ ᠶᠢᠨ ᠵᠢᠯ ᠠᠴᠠ ᠨᠠᠰᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ ᠠᠷᠠᠳ ᠲᠦᠮᠡᠨ ᠤ ᠡᠷᠡᠭᠦᠯ ᠮᠡᠨᠳᠦ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠨ ︽ᠡᠷᠡᠭᠦᠯ ᠡᠩᠭᠡ ᠦᠤᠰᠢᠨ︾ ᠪᠠᠶᠢᠯᠳᠤᠬᠤ ᠪᠣᠳᠣᠯᠭ᠎ᠠ ᠶᠢ ᠭᠡᠷᠡᠭᠵᠢᠭᠦᠯᠤᠨ ᠬᠠᠯᠳᠠᠪᠤᠷᠢᠲᠤ ᠡᠪᠡᠳᠴᠢᠨ ᠤ ᠪᠠᠴᠢᠮ ᠪᠠᠶᠢᠳᠠᠯ ᠢ ᠰᠢᠢᠳᠪᠦᠷᠢᠯᠡᠬᠦ ᠲᠤᠷᠰᠢᠯᠲᠠ ᠶᠢᠨ ᠠᠰᠠᠷ ᠢ ᠠᠰᠢᠭᠯᠠᠯᠲᠠ ᠳᠤ ᠣᠷᠣᠭᠤᠯᠵᠤ ᠮᠠᠨ ᠤ ᠬᠤᠰᠢᠭᠤᠨ ᠤ ᠬᠢᠵᠢᠭ ᠡᠪᠡᠳᠴᠢᠨ ᠳᠡᠯᠭᠡᠷᠡᠬᠦ ᠶᠢ ᠬᠤᠷᠢᠭᠯᠠᠬᠤ᠂ ᠣᠯᠠᠨ ᠨᠡᠶᠢᠲᠡ ᠶᠢᠨ ᠡᠷᠡᠭᠦᠯ ᠬᠠᠮᠭᠠᠯᠠᠯ ᠤᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠠᠷᠠᠳ ᠣᠯᠠᠨ ᠤ ᠡᠷᠡᠭᠦᠯ ᠮᠡᠨᠳᠦ ᠶᠢ ᠪᠠᠲᠤᠯᠠᠨ ᠠᠬᠢᠭᠤᠯᠬᠤ ᠳᠤ ᠨᠠᠩ ᠪᠠᠲᠤ ᠪᠠᠬᠢ ᠪᠠᠲᠤᠯᠠᠭ᠎ᠠ ᠪᠠ ᠪᠣᠳᠠᠰ ᠤᠨ ᠰᠠᠭᠤᠷᠢ ᠶᠢ ᠬᠠᠩᠭᠠᠵᠠᠢ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠡᠭᠦᠷᠭᠡ ᠬᠦᠨᠳᠦ᠂ ᠬᠠᠷᠢᠭᠤᠴᠠᠯᠭ᠎ᠠ ᠶᠡᠭᠡ᠂ ᠱᠠᠭᠠᠷᠳᠠᠯᠭ᠎ᠠ ᠥᠨᠳᠥᠷ ᠪᠠᠶᠢᠭ᠎ᠠ ᠶᠤᠮ᠂ ᠪᠥᠬᠦ ᠬᠤᠰᠢᠭᠤᠨ ᠤ ᠥᠷᠭᠡᠨ ᠣᠯᠠᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠠᠵᠢᠯᠲᠠᠳ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠳᠠᠷᠬᠠᠨ ᠡᠭᠦᠷᠭᠡ ᠶᠢ ᠦᠨᠡᠨᠬᠦ ᠡᠭᠦᠷᠭᠡᠯᠡᠵᠦ ᠮᠠᠨ ᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠦᠷᠬᠦᠯᠵᠢᠯᠡᠬᠦᠶᠢᠴᠡ ᠬᠥᠭᠵᠢᠯᠲᠡ ᠂ ᠠᠷᠠᠳ ᠣᠯᠠᠨ ᠤ ᠡᠷᠡᠭᠦᠯ ᠮᠡᠨᠳᠦ ᠠᠮᠤᠷ ᠲᠦᠪᠰᠢᠨ ᠢ ᠪᠠᠳᠤᠯᠠᠬᠤ  ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠢ᠃
     ᠶᠤᠰᠤᠯᠠᠯ ᠤᠨ ᠳᠠᠷᠠᠭ᠎ᠠ᠂ ᠹᠦ᠋ ᠷᠦᠢ ᠹᠧᠩ ᠨᠠᠷ ᠬᠤᠰᠢᠭᠤᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠤᠨ ᠬᠠᠯᠳᠠᠪᠤᠷᠢᠲᠤ ᠡᠪᠡᠳᠴᠢᠨ ᠤ ᠪᠠᠴᠢᠮ ᠪᠠᠶᠢᠳᠠᠯ ᠢ ᠰᠢᠢᠳᠪᠦᠷᠢᠯᠡᠬᠦ ᠲᠤᠷᠰᠢᠯᠲᠠ ᠶᠢᠨ ᠠᠰᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠣᠭᠤᠷᠢᠨ ᠦᠵᠡᠵᠦ  ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠵᠢᠴᠢ ᠬᠠᠯᠳᠠᠪᠤᠷᠢᠲᠤ ᠡᠪᠡᠳᠴᠢᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠬᠢᠨᠠᠨ ᠬᠡᠮᠵᠢᠬᠦ ᠲᠥᠷᠥᠯ ᠵᠥᠢᠯ ᠤᠨ ᠥᠷᠨᠢᠭᠦᠯᠦᠭᠰᠡᠨ ᠪᠠᠶᠢᠳᠠᠯ ᠵᠢᠴᠢ ᠪᠠᠴᠢᠮ ᠪᠠᠶᠢᠳᠠᠯ ᠢ ᠰᠢᠢᠳᠪᠦᠷᠢᠯᠡᠬᠦ ᠡᠳ᠋ ᠪᠣᠳᠠᠰ ᠤᠨ ᠨᠥᠭᠡᠴᠡᠯᠡᠯᠲᠡ ᠶᠢᠨ ᠪᠠᠶᠢᠳᠠᠯ  ᠢ ᠣᠶᠢᠯᠠᠭᠠᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号