ᠦᠥᠰᠢᠨ ᠬᠤᠰᠢᠭᠤᠨ ᠤ ᠮᠤᠩᠭᠤᠯ ᠦᠨᠳᠦᠰᠦᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ 70 ᠵᠢᠯ ᠤᠨ ᠤᠢ  ᠪᠠᠨ ᠲᠤᠷᠠᠰᠬᠠᠨ ᠲᠡᠮᠳᠡᠭᠯᠡᠯ᠎ᠡ
ᠨᠡᠶᠢᠲᠡᠯᠡᠭᠰᠡᠨ ᠴᠠᠭ᠄
2020-07-27
     ᠣᠶᠢᠷ᠎ᠠ ᠶᠢᠨ ᠡᠳᠣᠷ᠂ ᠦᠥᠰᠢᠨ ᠬᠤᠰᠢᠭᠤᠨ ᠤ ᠮᠤᠩᠭᠤᠯ ᠦᠨᠳᠦᠰᠦᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ  ᠨᠢ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠤᠢ ᠪᠠᠨ ᠤᠳᠬ᠎ᠠ ᠲᠡᠬᠦᠯᠳᠡᠷ ᠲᠤᠷᠠᠰᠬᠠᠨ ᠲᠡᠮᠳᠡᠭᠯᠡᠵᠦ  ᠮᠤᠩᠭᠤᠯ ᠰᠣᠷᠣᠭᠴᠢᠳ ᠤᠨ ᠴᠡᠴᠡᠨ ᠤᠬᠠᠭᠠᠨ ᠳᠤ ᠰᠢᠨᠳᠠᠰᠤ ᠨᠡᠮᠡᠨ ᠦᠨᠳᠦᠰᠦᠳᠡᠨ ᠤ ᠪᠠᠨ ᠰᠤᠶᠤᠯ ᠰᠤᠷᠭᠠᠨ ᠬᠦᠮᠦᠵᠢᠯ ᠤᠨ ᠲᠡᠥᠭᠡᠨ ᠬᠠᠭᠤᠳᠠᠰᠤᠨ ᠳᠤ ᠮᠦᠩᠭᠡ ᠶᠢᠨ ᠲᠤᠷᠠᠳᠬᠠᠯ ᠦᠯᠡᠳᠡᠭᠡᠯ᠎ᠡ᠃      1950 ᠤᠨ ᠳᠤ ᠪᠠᠶᠢᠭᠤᠯᠣᠭᠳᠠᠭᠰᠠᠨ ᠮᠠᠨ ᠤ ᠬᠤᠰᠢᠭᠤᠨ ᠤ ᠮᠤᠩᠭᠤᠯ ᠦᠨᠳᠦᠰᠦᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠨᠢ ᠣᠯᠡᠨ ᠵᠢᠯ ᠤᠨ ᠲᠤᠷᠰᠢ ︽ᠪᠠᠶᠠᠷ ᠪᠠᠭ᠋ᠠᠳᠣᠯ ᠲᠠᠢ ᠪᠠᠷ ᠰᠤᠷᠭᠠᠨ ᠬᠦᠮᠣᠵᠢᠬᠦᠯᠬᠦ︾ ᠪᠠᠷ ᠰᠤᠷᠭᠠᠭᠤᠯᠢ ᠡᠷᠬᠢᠯᠡᠨ ︽ᠶᠣᠰᠣ ᠰᠣᠷᠳᠠᠬᠤᠨ᠂ ᠶᠠᠰᠣ ᠴᠢᠨᠠᠷ᠂ ᠦᠪᠡᠷᠮᠢᠴᠡ ᠤᠨᠴᠠᠯᠢᠭ᠂ ᠰᠢᠨ᠎ᠡ ᠶᠢ ᠡᠭᠦᠳᠬᠦ︾ ᠵᠡᠷᠭᠡ ᠲᠦᠷᠪᠡᠨ ᠲᠠᠯ᠎ᠠ ᠶᠢ ᠴᠢᠩᠭ᠎ᠠ ᠠᠳᠬᠤᠵᠤ ︽ᠤᠷᠮ᠎ᠠ ᠪᠠᠭ᠋ᠠᠲᠤᠯᠲᠤ — ᠭᠤᠣᠯ ᠴᠤᠭᠴᠠᠲᠤ — ᠦᠷ᠎ᠡ ᠪᠦᠲᠦᠮᠵᠢᠲᠦ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠤᠨ ᠠᠷᠠᠳ ᠲᠦᠮᠡᠨ ᠤ ᠰᠡᠳᠬᠢᠯ ᠳᠤ ᠬᠠᠨᠤᠮᠵᠢᠳᠠᠢ ᠦᠨᠳᠦᠰᠦᠳᠡᠨ ᠤ ᠨᠡᠷᠡᠳᠦ ᠰᠤᠷᠭᠠᠭᠤᠯᠢ ᠶᠢ ᠡᠷᠬᠢᠯᠡᠭᠰᠡᠭᠡᠷ ᠢᠷᠡᠭᠰᠡᠨ ᠪᠠᠶᠢᠨ᠎ᠠ᠃
     ᠬᠡᠷ ᠤᠨ ᠠᠬᠠᠮᠠᠳ ᠰᠡᠴᠡᠠᠳᠤᠷᠵᠢ᠄ ︽ᠦᠨᠳᠦᠰᠦᠲᠡᠨ ᠤ ᠰᠤᠷᠭᠠᠨ ᠬᠦᠮᠦᠵᠢᠯ ᠡᠳᠦᠷ ᠢᠷᠡᠬᠦᠶ᠎ᠡ ᠲᠡᠬᠦᠯᠳᠡᠷᠵᠢᠨ ᠰᠠᠶᠢᠵᠢᠷᠠᠵᠤ ᠪᠠᠶᠢᠨ᠎ᠠ ᠬᠡᠵᠦ ᠦᠵᠡᠵᠦ ᠪᠠᠶᠢᠨ᠎ᠠ᠃ ᠮᠢᠨᠤ ᠪᠤᠳᠤᠬᠤ ᠪᠠᠷ ᠮᠤᠩᠭᠤᠯ ᠦᠨᠳᠦᠰᠦᠲᠡᠨ ᠤ ᠰᠤᠷᠭᠠᠨ ᠬᠦᠮᠦᠵᠢᠯ ᠬᠤᠵᠢᠮ ᠨᠡᠩ ᠰᠠᠶᠢᠨ ᠵᠦᠭ ᠲᠤ ᠬᠠᠨᠳᠤᠬᠤ ᠪᠤᠯᠤᠨ᠎ᠠ︾ ᠭᠡᠪᠡ᠃      ᠠᠵᠢᠯᠯᠠᠭᠠᠨ ᠳᠡᠭᠡᠷ᠎ᠡ ᠪᠠᠰᠠ ᠲᠡᠷᠢᠬᠦᠨ ᠤ ᠬᠠᠮᠲᠤ ᠨᠢᠬᠡᠴᠢ᠂ ᠬᠤᠪᠢ ᠬᠦᠮᠦᠨ᠂ ᠲᠡᠷᠢᠬᠦᠨ ᠤ ᠪᠠᠭᠰᠢ ᠠᠵᠢᠯᠳᠠᠨ᠂ ᠰᠢᠯᠢᠳᠡᠭ ᠬᠡᠷ ᠤᠨ ᠠᠬᠠᠮᠠᠳ᠂ ︽ᠮᠠᠯᠴᠢᠨ ᠤ ᠦᠷᠬᠦᠬᠡ︾ ᠬᠤᠨᠳᠠᠭᠠᠲᠤ ᠰᠤᠷᠤᠭᠴᠢ ᠶᠢᠨ ᠰᠢᠨᠵᠢᠯᠡᠬᠦ ᠤᠬᠠᠭᠠᠨ ᠲᠧᠭᠨᠢᠭ  ᠮᠡᠷᠭᠡᠵᠢᠯ ᠤᠨ ᠰᠢᠨ᠎ᠡ ᠶᠢ ᠡᠬᠦᠳᠬᠦ ᠤᠷᠤᠯᠳᠤᠭᠠᠨ ᠤ ᠱᠠᠩᠨᠠᠯ ᠬᠦᠷᠳᠡᠭᠰᠡᠳ ᠵᠡᠷᠭᠡ ᠶᠢ ᠱᠠᠩᠨᠠᠨ ᠬᠦᠬᠢᠬᠦᠯᠪᠡ᠃
     ᠲᠤᠰ ᠰᠤᠷᠭᠠᠭᠤᠯᠢ ᠨᠢ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠤᠢ ᠪᠠᠨ ᠣᠭᠳᠣᠬᠤ ᠪᠠᠷ ᠤᠶᠢᠷ᠎ᠠ ᠶᠢᠨ ᠭᠤᠷᠪᠠᠨ ᠵᠢᠯ ᠤᠨ ᠬᠤᠭᠤᠴᠠᠭᠠᠨ ᠳᠤ 70 ᠰᠠᠣᠷᠢ ᠤᠷᠳᠤ ᠨᠠᠰᠤᠳᠤ ᠮᠤᠳᠤ ᠲᠠᠷᠢᠬᠤ᠂ ᠰᠠᠭᠤᠷᠢ ᠳᠦᠬᠦᠭᠡᠷᠤᠮᠵᠢ ᠪᠠᠨ ᠰᠠᠶᠢᠵᠢᠷᠠᠭᠤᠯᠣᠨ ᠰᠢᠨᠡᠳᠭᠡᠬᠦ᠂ ᠡᠯ᠎ᠡ ᠠᠵᠢᠯ ᠲᠦᠷᠦᠯ ᠤᠨ ᠳᠣᠰᠬᠠᠢ ᠮᠠᠲ᠋ᠧᠷᠢᠶᠠᠯ ᠢ ᠡᠮᠬᠢᠯᠡᠵᠦ ᠲᠠᠪᠲᠡᠷᠯᠡᠬᠦ᠂ ᠪᠠᠭᠰᠢ ᠰᠣᠷᠣᠭᠴᠢᠳ ᠤᠨ ᠵᠣᠬᠢᠶᠠᠨ ᠪᠢᠴᠢᠯᠭᠡ᠂ ᠣᠷᠠᠨ ᠵᠢᠷᠤᠭ ᠤᠨ ᠱᠠᠩᠨᠠᠯᠲᠣ ᠪᠦᠳᠣᠬᠡᠯ ᠤᠨ ᠲᠡᠭᠦᠪᠣᠷᠢ ᠬᠡᠪᠯᠡᠭᠦᠯᠬᠦ ᠵᠡᠷᠭᠡ ᠤᠯᠠᠨ ᠲᠦᠷᠦᠯ ᠤᠨ ᠪᠤᠳᠠᠳᠠᠢ ᠪᠦᠭᠡᠳ ᠠᠭᠤᠯᠭ᠎ᠠ ᠪᠠᠷ ᠪᠠᠶᠠᠯᠢᠭ᠂ ᠤᠳᠬ᠎ᠠ ᠪᠠᠷ ᠬᠦᠨ ᠰᠢᠷᠢᠰ ᠠᠵᠢᠯᠯᠠᠭᠠᠨ ᠢ ᠤᠷᠢᠳ ᠬᠤᠵᠢᠳ ᠲᠦᠰᠦᠪᠯᠡᠨ ᠦᠷᠨᠢᠭᠦᠯᠵᠦ ᠲᠠᠯᠠᠨ ᠵᠢᠯ ᠤᠨ ᠦᠷᠨᠢᠨ ᠬᠦᠭᠵᠢᠯᠳᠡ ᠶᠢᠨ ᠤᠷᠳᠤ ᠠᠶᠠᠨ ᠳᠤ ᠦᠶ᠎ᠡ ᠦᠶ᠎ᠡ ᠶᠢᠨ ᠪᠠᠭᠰᠢ ᠰᠤᠷᠤᠭᠴᠢᠳ ᠤᠨ ᠮᠤᠬᠤᠰᠢ ᠦᠭᠡᠢ ᠬᠦᠰᠡᠯᠳᠡ ᠵᠤᠷᠢᠯᠳᠠ᠂ ᠰᠢᠨᠳᠠᠷᠠᠰᠢ ᠦᠭᠡᠢ ᠵᠤᠷᠢᠭ ᠰᠦᠯᠳᠡ᠂ ᠰᠤᠯᠠᠷᠠᠰᠢ ᠦᠭᠡᠢ ᠬᠦᠴᠦ ᠬᠦᠳᠡᠯᠮᠦᠷᠢ ᠪᠠᠷ ᠢᠶᠠᠨ ᠵᠢᠷᠤᠭᠯᠠᠨ ᠪᠢᠴᠢᠭᠰᠡᠨ ᠪᠠᠯᠠᠷᠠᠰᠢ ᠦᠭᠡᠢ ᠲᠡᠥᠭᠡ ᠶᠢ ᠠᠯᠳᠠᠨ ᠬᠠᠭᠤᠳᠠᠰᠤᠨ ᠳᠤ ᠲᠤᠷᠠᠰᠬᠠᠨ ᠲᠡᠮᠳᠡᠭᠯᠡᠵᠦ ᠡᠭᠡ ᠰᠤᠷᠭᠠᠭᠤᠯᠢ ᠶᠢᠨ ᠢᠶᠠᠨ 70 ᠵᠢᠯ ᠤᠨ ᠤᠢ ᠳᠤ ᠨᠠᠨᠳᠢᠨ ᠪᠡᠯᠡᠭ ᠪᠤᠯᠭᠠᠭᠰᠠᠨ ᠪᠠᠶᠢᠨ᠎ᠠ᠃      ᠦᠤᠰᠢᠨ ᠬᠤᠰᠢᠭᠤᠨ ᠤ ᠮᠤᠩᠭᠤᠯ ᠦᠨᠳᠦᠰᠦᠲᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ ᠵᠠᠬᠢᠷᠤᠯ ᠵᠢᠷᠠᠠᠳᠠᠢ᠄ ︽ᠬᠤᠶᠢᠰᠢᠳᠠ ᠶᠢᠨ ᠬᠦᠭᠵᠢᠯᠳᠡ ᠳᠤ ᠨᠡᠩ ᠰᠠᠶᠢᠨ ᠪᠠᠲᠤ ᠰᠠᠭᠤᠷᠢ ᠶᠢ ᠲᠠᠯᠪᠢᠬᠤ ᠶᠢᠨ ᠲᠦᠯᠦᠬᠡ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠤᠢ ᠪᠠᠨ ᠦᠪᠡᠳᠡᠭᠰᠢ ᠶᠡᠭᠡ ᠪᠠᠷ ᠦᠷᠨᠢᠬᠦᠯᠵᠦ ᠪᠠᠭᠰᠢ ᠰᠤᠷᠤᠭᠴᠢᠳ ᠲᠤ ᠪᠠᠨ ᠰᠤᠷᠭᠠᠭᠤᠯᠢ ᠶᠢᠨ ᠲᠤᠳᠤᠭᠠᠲᠤ ᠶᠢᠨ ᠬᠦᠭᠵᠢᠯᠳᠡ ᠶᠢᠨ ᠪᠠᠶᠢᠳᠠᠯ ᠢ ᠨᠡᠩ ᠰᠠᠶᠢᠨ ᠤᠶᠢᠯᠠᠭᠠᠭᠤᠯᠤᠨ ᠬᠤᠶᠢᠰᠢᠳᠠ ᠰᠤᠷᠭᠠᠭᠤᠯᠢ  ᠪᠠᠨ ᠨᠡᠩ ᠰᠠᠶᠢᠨ ᠡᠷᠬᠢᠯᠡᠬᠦ ᠪᠠᠷ ᠡᠨᠡᠬᠦ ᠠᠵᠢᠯᠯᠠᠭ᠎ᠠ ᠶᠢ ᠵᠤᠬᠢᠶᠠᠨ ᠪᠠᠶᠢᠭᠤᠯᠤᠯ᠎ᠠ︾ ᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号