ᠮᠠᠨ ᠤ ᠬᠤᠰᠢᠭᠤᠨ ᠤ ᠭᠡᠷ ᠤᠨ ᠠᠬᠠᠮᠠᠳ ᠬᠢᠴᠢᠶᠡᠯ ᠳᠤ ᠰᠠᠭᠤᠭᠠᠳ ᠶᠠᠭᠠᠷᠠᠤ
ᠨᠡᠶᠢᠲᠡᠯᠡᠭᠰᠡᠨ ᠴᠠᠭ᠄
2020-07-27
     ᠬᠡᠥᠬᠡᠳ ᠤᠨ ᠬᠦᠮᠦᠵᠢᠯ ᠢ ᠨᠡᠶᠢᠬᠡᠮ᠂ ᠰᠤᠷᠭᠠᠭᠤᠯᠢ᠂ ᠪᠠᠭᠰᠢ᠂ ᠭᠡᠷ ᠤᠨ ᠠᠬᠠᠮᠠᠳ ᠬᠠᠮᠳᠤᠪᠠᠷ ᠡᠬᠦᠷᠬᠡᠯᠡᠳᠡᠭ ᠮᠥᠷᠳᠡᠬᠡᠨ ᠭᠡᠷ ᠤᠨ ᠠᠬᠠᠮᠠᠳ ᠤᠨ ᠬᠦᠮᠦᠵᠢᠯ ᠡᠭᠦᠨ ᠤ ᠳᠤᠳᠤᠷ᠎ᠠ ᠮᠠᠰᠢ ᠴᠢᠬᠤᠯᠠ ᠪᠠᠶᠢᠷᠢ ᠶᠢ ᠡᠵᠡᠯᠡᠳᠡᠭ᠃ ᠤᠷᠳᠤᠰ ᠬᠤᠳᠠ ᠶᠢᠨ ᠮᠤᠩᠭᠤᠯ ᠥᠨᠳᠤᠰᠤᠳᠠᠨ ᠤ ᠬᠤᠶᠠᠳᠤᠭᠠᠷ ᠲᠤᠮᠳᠠᠳᠤ ᠰᠤᠷᠭᠠᠭᠤᠯᠢ ᠬᠡᠥᠬᠡᠳ ᠤᠨ ᠬᠦᠮᠦᠵᠢᠯ ᠤᠨ ᠲᠤᠬᠠᠢ ᠲᠤᠰᠬᠠᠢ ᠬᠢᠴᠢᠶᠡᠯᠯᠡᠭᠡ ᠵᠤᠬᠢᠶᠠᠨ ᠪᠠᠶᠢᠭᠤᠯᠤᠭᠰᠠᠨ ᠢᠶᠠᠷ ᠭᠡᠷ ᠤᠨ ᠠᠬᠠᠮᠠᠳ ᠬᠠᠷᠢᠨ ᠬᠢᠴᠢᠶᠡᠯ ᠳᠤ ᠰᠠᠭᠤᠭᠠᠳ ᠶᠠᠭᠠᠷᠠᠤ ᠪᠠᠶᠢᠨ᠎ᠠ᠃      ᠮᠠᠨ ᠤ ᠬᠤᠰᠢᠭᠤᠨ ᠤ ᠨᠠᠨᠳᠢᠨ ᠨᠡᠶᠢᠭᠡᠮ ᠲᠣᠭᠤᠷᠢᠭ ᠲᠤ ︽ᠳᠣᠮᠳᠠᠳᠣ ᠰᠤᠷᠭᠠᠭᠤᠯᠢ ᠶᠢᠨ ᠰᠤᠷᠤᠭᠴᠢ ᠶᠢᠨ ᠪᠡᠶ᠎ᠡ ᠰᠡᠳᠬᠢᠴᠡ ᠤᠨ ᠭᠦᠭᠵᠢᠯᠲᠡ ᠶᠢᠨ ᠪᠠᠶᠢᠳᠠᠯ ᠵᠢᠴᠢ ᠭᠡᠷ ᠤᠨ ᠠᠬᠠᠮᠠᠳ ᠭᠡᠤᠭᠡᠳ ᠢᠶᠠᠨ ᠶᠠᠭᠠᠬᠢᠵᠤ ᠭᠦᠮᠦᠵᠢᠭᠦᠯᠭᠦ ᠲᠤᠬᠠᠢ︾ ᠭᠡᠬᠦ ᠬᠢᠴᠢᠶᠡᠯᠯᠡᠭᠡ ᠶᠠᠪᠤᠭᠳᠠᠨ ᠬᠢᠴᠢᠶᠡᠯᠯᠡᠭᠡ ᠳᠤ ᠠᠩᠬ᠎ᠠ ᠳᠤᠮᠳᠠᠳᠤ ᠶᠢᠨ ᠰᠤᠷᠤᠭᠴᠢᠳ ᠤᠨ ᠬᠡᠰᠡᠭ ᠭᠡᠷ ᠤᠨ ᠠᠬᠠᠮᠠᠳ ᠤᠷᠤᠯᠴᠠᠵᠤ ᠰᠠᠨᠠᠭᠠᠨ ᠳᠤ ᠶᠠᠭ ᠤᠨᠤᠭᠳᠠᠯ᠎ᠠ ᠬᠡᠵᠦ ᠪᠠᠶᠢᠯ᠎ᠠ᠃      ᠭᠡᠷ ᠤᠨ ᠠᠬᠠᠮᠠᠳ ᠥᠨᠢᠷᠰᠡᠴᠡᠨ᠄ ︽ᠥᠨᠥᠳᠥᠷ ᠭᠡᠷ ᠤᠨ ᠠᠬᠠᠮᠠᠳ ᠤᠨ ᠬᠢᠴᠢᠶᠡᠯ ᠳᠤ ᠤᠷᠤᠭᠠᠳ ᠤᠯᠤᠯᠲᠠ ᠶᠡᠬᠡᠲᠠᠢ ᠪᠠᠶᠢᠨ᠎ᠠ᠃ ᠬᠢᠴᠢᠶᠡᠯ ᠢ ᠰᠤᠨᠤᠰᠤᠭᠠᠳ ᠬᠤᠵᠢᠮ ᠬᠡᠤᠬᠡᠳ ᠢᠶᠠᠨ ᠶᠠᠭᠠᠬᠢᠵᠤ ᠰᠤᠷᠭᠠᠬᠤ᠂ ᠬᠡᠷᠬᠢᠨ ᠣᠶᠢᠯᠠᠭᠠᠬᠤ᠂ ᠶᠠᠮᠠᠷ ᠮᠠᠶ᠋ᠢᠭ ᠢᠶᠠᠷ ᠬᠠᠷᠢᠯᠴᠠᠬᠤ᠂ ᠶᠠᠭᠠᠬᠢᠵᠤ ᠰᠤᠷᠤᠯᠴᠠᠬᠤ ᠬᠦᠰᠡᠯ ᠲᠠᠢ ᠪᠣᠯᠭᠠᠬᠤ ᠲᠤᠬᠠᠢ ᠶᠡᠭᠡ ᠤᠯᠠᠨ ᠲᠤᠷᠰᠢᠯᠭ᠎ᠠ ᠬᠦᠮᠦᠵᠢᠯ ᠬᠦᠷᠲᠡᠵᠤ ᠬᠡᠦᠬᠡᠳ ᠢᠶᠠᠨ ᠤᠯᠠᠮ ᠨᠢᠭᠡ ᠠᠯᠬᠤᠮ ᠤᠶᠢᠯᠠᠭᠠᠵᠤ ᠪᠠᠭᠰᠢ ᠲᠠᠢ ᠪᠠᠨ ᠬᠠᠮᠲᠤᠷᠠᠵᠤ ᠰᠠᠶᠢᠨ ᠰᠤᠷᠭᠠᠵᠤ ᠬᠦᠮᠦᠵᠢᠬᠦᠯᠤᠶ᠎ᠠ ᠭᠡᠵᠤ ᠪᠣᠳᠣᠵᠤ ᠪᠠᠶᠢᠨ᠎ᠠ︾ ᠭᠡᠪᠡ᠃      ᠬᠡᠦᠬᠡᠳ ᠤᠨ ᠠᠳᠠᠯᠢ ᠪᠤᠰᠤ ᠱᠠᠲᠤ ᠦᠶ᠎ᠡ ᠶᠢᠨ ᠪᠡᠶ᠎ᠡ ᠰᠡᠳᠬᠢᠴᠡ ᠣᠶᠤᠨ ᠤᠬᠠᠭᠠᠨ ᠤ ᠣᠨᠴᠠᠯᠢᠭ ᠰᠢᠨᠵᠢ ᠶᠢ ᠰᠠᠶᠢᠬᠠᠨ ᠡᠵᠡᠮᠳᠡᠵᠦ ᠥᠰᠥᠯᠳᠡ ᠶᠢᠨ ᠵᠢᠮ᠎ᠠ ᠶᠣᠰᠣ ᠶᠢ ᠬᠦᠨᠳᠦᠳᠬᠡᠨ ᠬᠥᠮᠥᠵᠢᠭᠦᠯᠬᠦ ᠨᠢ ᠮᠠᠰᠢ ᠴᠢᠬᠤᠯᠠ ᠪᠠᠶᠢᠳᠠᠭ ᠪᠢᠯᠡ᠃ ᠭᠡᠪᠡᠴᠦ ᠣᠯᠠᠨ ᠲᠠᠯ᠎ᠠ ᠳᠤ ᠰᠢᠯᠳᠠᠭᠠᠯᠠᠭᠳᠠᠵᠤ ᠬᠡᠰᠡᠭ ᠭᠡᠷ ᠤᠨ ᠠᠬᠠᠮᠠᠳ ᠪᠣᠯᠣᠨ ᠬᠡᠦᠬᠡᠳ ᠤᠨ ᠬᠤᠭᠤᠷᠣᠨᠳᠤᠬᠢ ᠣᠶᠢᠯᠠᠭᠠᠯᠴᠠᠭ᠎ᠠ ᠬᠠᠷᠢᠯᠴᠠᠭ᠎ᠠ ᠰᠢᠯᠤᠭᠤᠬᠠᠨ ᠪᠢᠰᠢ ᠪᠠᠶᠢᠳᠠᠭ᠃ ᠡᠳᠡᠭᠡᠷ ᠪᠠᠶᠢᠳᠠᠯ ᠢ ᠦᠨᠳᠦᠰᠦᠨ ᠠᠴᠠ ᠨᠢ ᠦᠬᠡᠷᠡᠴᠢᠯᠠᠵᠦ  ᠭᠡᠷ ᠤᠨ ᠠᠬᠠᠮᠠᠳ ᠲᠤ ᠲᠤᠬᠢᠳᠠᠢ ᠵᠦᠪᠯᠡᠯᠬᠡ ᠬᠠᠩᠭᠠᠬᠤ ᠪᠠᠷ ᠲᠤᠰ ᠬᠢᠴᠢᠶᠡᠯᠯᠡᠭᠡ ᠶᠢ ᠣᠷᠳᠣᠰ ᠬᠤᠲᠠ ᠶᠢᠨ ᠮᠣᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠠᠩᠬ᠎ᠠ 172 ᠪᠦᠯᠦᠭ ᠠᠴᠠ ᠵᠤᠬᠢᠶᠠᠨ ᠪᠠᠶᠢᠭᠤᠯᠤᠨ ᠦᠷᠨᠢᠬᠦᠯᠵᠡᠢ᠃      ᠣᠷᠳᠣᠰ ᠬᠤᠲᠠ ᠶᠢᠨ ᠮᠣᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ 172 ᠪᠦᠯᠥᠭ  ᠤᠨ ᠠᠩᠭᠢ ᠶᠢᠨ ᠡᠷᠬᠢᠯᠡᠭᠴᠢ ᠤᠷᠠᠨ᠎ᠠ᠄ ︽ᠬᠡᠤᠬᠡᠳ ᠤᠨ ᠬᠦᠮᠦᠵᠢᠯ ᠶᠡᠷᠣ ᠨᠢ ᠭᠡᠷ ᠪᠦᠯᠢ ᠠᠴᠠ ᠰᠠᠯᠵᠤ ᠴᠢᠳᠠᠬᠤ ᠦᠭᠡᠢ᠂ ᠢᠯᠠᠩᠭᠤᠶ᠎ᠠ ᠬᠡᠤᠬᠡᠳ ᠤᠨ ᠬᠦᠰᠡᠯᠡᠩ ᠬᠠᠷᠠᠯᠲᠠ ᠨᠢ ᠭᠡᠷ ᠪᠦᠯᠢ ᠠᠪᠤ ᠡᠵᠢ ᠶᠢᠨ ᠬᠢᠨᠢ ᠬᠦᠮᠦᠵᠢᠯ ᠨᠦᠯᠦᠭᠡᠯᠡᠯ ᠳᠤᠤᠷ᠎ᠠ ᠰᠠᠶ᠋ᠢ ᠰᠤᠶᠤᠭᠠᠯᠠᠨ ᠪᠤᠢ ᠪᠤᠯᠳᠠᠭ᠃ ᠢᠩᠭᠢᠬᠦᠯᠡᠷ ᠠᠪᠦ ᠡᠵᠢ ᠨᠢ ᠮᠢᠨᠤ ᠬᠡᠤᠬᠡᠳ ᠶᠠᠮᠠᠷ ᠬᠡᠤᠬᠡᠳ ᠪᠣᠯᠣᠭᠠᠷᠠᠢ ᠭᠡᠵᠤ ᠱᠠᠭᠠᠷᠳᠠᠬᠤ ᠶᠢᠨ ᠲᠤᠰᠤᠮ ᠢᠶᠠᠨ ᠲᠡᠷᠡ ᠭᠡᠤᠬᠡᠳ ᠲᠡᠷᠡ ᠭᠦᠰᠡᠯᠡᠩ ᠵᠦᠭ ᠢᠶᠠᠨ ᠲᠡᠮᠡᠤᠯᠡᠭᠦ ᠪᠠᠶᠢᠬ᠎ᠠ ᠭᠡᠵᠤ ᠪᠣᠳᠣᠵᠤ ᠪᠠᠶᠢᠨ᠎ᠠ︾ ᠬᠡᠵᠤ ᠶᠠᠷᠢᠯ᠎ᠠ᠃      ᠮᠠᠨ ᠤ ᠮᠣᠩᠭᠤᠯᠴᠤᠳ ᠠᠯᠢ ᠡᠷᠲᠡ ᠠᠴᠠ ᠬᠡᠦᠬᠡᠳ ᠤᠨ ᠰᠤᠷᠭᠠᠨ ᠬᠥᠮᠥᠵᠢᠯ ᠢ ᠴᠢᠬᠤᠯᠠᠴᠢᠯᠠᠨ ᠦᠵᠡᠵᠦ ᠤᠯᠠᠮᠵᠢᠯᠠᠯᠲᠤ ᠭᠡᠷ ᠪᠦᠯᠢ ᠶᠢᠨ ᠬᠦᠮᠦᠵᠢᠯ ᠳᠣᠲᠣᠷ᠎ᠠ 1 ~ 3 ᠨᠠᠰᠤᠨ ᠤ ᠬᠡᠤᠬᠡᠳ ᠢ ᠬᠠᠭᠠᠨ ᠰᠢᠭ᠋ ᠬᠥᠮᠥᠵᠢᠭᠦᠯᠬᠦ᠂ 3 ~ 6 ᠨᠠᠰᠤᠨ ᠤ ᠬᠡᠦᠬᠡᠳ ᠢ ᠬᠠᠳᠤᠨ ᠰᠢᠭ᠋ ᠬᠥᠮᠥᠵᠢᠭᠦᠯᠬᠦ᠂ 6 ~ 12 ᠨᠠᠰᠤᠨ ᠤ ᠬᠡᠦᠬᠡᠳ ᠢ ᠵᠠᠷᠤᠴᠠ ᠰᠢᠭ᠋ ᠬᠥᠮᠥᠵᠢᠭᠦᠯᠬᠦ  ᠂ 12 ᠨᠠᠰᠤᠨ ᠠᠴᠠ ᠳᠡᠭᠡᠭᠰᠢᠬᠢ ᠬᠡᠦᠬᠡᠳ ᠲᠤ ᠬᠠᠨᠢ ᠰᠢᠭ ᠬᠠᠨᠳᠤᠬᠤ ᠭᠡᠬᠦ ᠬᠡᠦᠬᠡᠳ ᠤᠨ ᠡᠯ᠎ᠡ ᠱᠠᠲᠤ ᠦᠶ᠎ᠡ ᠳᠤ ᠲᠣᠬᠢᠷᠠᠭᠰᠠᠨ ᠰᠤᠷᠭᠠᠯ ᠪᠠᠶᠢᠳᠠᠭ ᠪᠢᠯᠡ᠃      ᠤᠯᠤᠰ ᠤᠨ ᠬᠤᠶᠠᠳᠤᠭᠠᠷ ᠳᠡᠰ ᠤᠨ ᠰᠡᠳᠬᠢᠴᠡ ᠶᠢᠨ ᠵᠥᠪᠯᠡᠭᠴᠢ ᠭᠡᠷ ᠪᠦᠯᠢ ᠶᠢᠨ ᠬᠥᠮᠥᠵᠢᠯ ᠤᠨ ᠵᠢᠯᠣᠭᠤᠳᠤᠭᠴᠢ ᠪᠠᠭᠰᠢ ᠬᠠᠰᠪᠤᠯᠤᠳ᠄ ︽ᠤᠯᠠᠮᠵᠢᠯᠠᠯᠲᠤ ᠰᠤᠷᠭᠠᠯ ᠢᠶᠠᠷ ᠭᠤᠣᠯᠯᠠᠨ ᠤᠯᠠᠮᠵᠢᠯᠠᠯᠲᠤ ᠰᠤᠷᠭᠠᠯ ᠢᠶᠠᠷ ᠰᠠᠶᠢᠬᠠᠨ ᠤᠯᠠ ᠪᠣᠯᠭᠠᠵᠤ ᠰᠢᠨ᠎ᠡ ᠪᠠᠷ ᠵᠤᠯᠠ ᠪᠣᠯᠭᠠᠵᠤ ᠡᠨᠡ ᠬᠤᠶᠠᠷ ᠢ ᠰᠠᠶᠢᠬᠠᠨ ᠤᠷᠭᠠᠨᠢᠭ ᠤᠶᠠᠯᠳᠤᠭᠤᠯᠤᠨ ᠳᠠᠭᠤᠷᠢᠶᠠᠯ ᠤᠨ ᠬᠦᠮᠦᠵᠢᠯ ᠢ ᠰᠠᠶᠢᠲᠤᠷ ᠬᠢᠬᠦ ᠬᠡᠷᠡᠭᠲᠡᠢ᠂ ᠬᠡᠤᠬᠡᠳ ᠢ ᠬᠦᠮᠦᠵᠢᠬᠦᠯᠬᠦ ᠳᠤ ᠨᠢᠭᠡᠳᠤᠭᠡᠷ ᠲᠤ ᠥᠪᠡᠷ ᠤᠨ ᠪᠠᠶ᠎ᠡ ᠪᠠᠨ ᠰᠠᠶᠢᠨ ᠬᠦᠮᠦᠵᠢᠬᠦᠯᠬᠦ ᠭᠡᠰᠡᠨ ᠦᠭᠡ ᠪᠠᠶᠢᠳᠠᠭ᠂ ᠲᠡᠭᠡᠭᠦᠯᠡᠷ ᠮᠠᠨ ᠤ ᠭᠡᠷ ᠤᠨ ᠠᠬᠠᠮᠠᠳ ᠦᠭᠡ ᠬᠡᠯᠡᠬᠦ ᠠᠴᠠ ᠪᠠᠨ ᠠᠪᠤᠭᠠᠳ ᠠᠯᠬᠤᠵᠤ ᠬᠢᠰᠬᠢᠬᠦ ᠬᠦᠷᠳᠡᠯ᠎ᠡ ᠪᠤᠰᠤᠳ ᠲᠠᠢ ᠬᠠᠷᠢᠯᠴᠠᠬᠤ᠂ ᠠᠮᠢᠳᠤᠷᠠᠯ ᠳᠤ ᠶᠠᠭᠠᠬᠢᠵᠤ ᠬᠠᠨᠳᠤᠬᠤ᠂ ᠠᠵᠢᠯ ᠳᠤ ᠪᠠᠨ ᠶᠠᠭᠠᠬᠢᠵᠤ ᠬᠠᠨᠳᠤᠬᠤ ᠡᠨᠡ ᠪᠦᠭᠦᠳᠡ ᠪᠦᠷ ᠬᠡᠤᠬᠡᠳ ᠲᠤ ᠳᠠᠭᠤᠷᠢᠶᠠᠯ ᠤᠨ ᠬᠦᠮᠦᠵᠢᠯ ᠪᠣᠯᠳᠠᠭ᠃ ᠬᠠᠮᠤᠭ ᠰᠡᠭᠦᠯ ᠳᠤ ᠪᠢᠳᠡ ᠬᠠᠮᠵᠢᠯᠴᠠᠬᠤ ᠲᠠᠯ᠎ᠠ ᠶᠢ ᠴᠢᠬᠤᠯᠠᠴᠢᠯᠠᠨ ᠰᠤᠷᠭᠠᠭᠤᠯᠢ᠂ ᠨᠡᠶᠢᠭᠡᠮ᠂ ᠭᠡᠷ ᠪᠦᠯᠢ ᠬᠠᠮᠲᠤᠷᠠᠵᠤ ᠪᠠᠶᠢᠭᠠᠳ ᠬᠡᠤᠬᠡᠳ ᠢ ᠬᠦᠮᠦᠵᠢᠬᠦᠯᠦᠨ᠎ᠡ︾ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号