7 ᠰᠠᠷ᠎ᠠ ᠶᠢᠨ 25 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠠᠶᠢᠴᠠᠭᠠᠯᠳᠠ | ᠶᠢᠨ ᠪᠥᠯᠭᠦᠮ ᠤᠨ ᠬᠢᠨ ᠢ ᠳᠠᠭᠠᠭᠤᠯᠤᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ᠂ ᠪᠠᠷᠢᠯᠭ᠎ᠠ ᠶᠢᠨ ᠭᠠᠵᠠᠷ ᠲᠤ | ᠬᠦᠷᠴᠦ ᠲᠥᠷᠥᠯ ᠵᠥᠢᠯ ᠤᠨ ᠠᠵᠢᠯ ᠢ ᠡᠬᠢᠯᠡᠭᠦᠯᠦᠨ ᠪᠥᠲᠥᠭᠡᠨ ᠪᠠᠶᠢᠭᠤᠯᠵᠣ ᠪᠠᠶᠢᠬᠤ᠂ ᠠᠵᠤ ᠠᠬᠤᠶᠢᠯᠠᠯ ᠤᠨ | ᠥᠢᠯᠡᠳᠪᠤᠷᠢᠯᠠᠯ ᠡᠵᠡᠩᠨᠡᠯᠲᠡ ᠬᠢᠵᠣ ᠪᠠᠶᠢᠬᠤ ᠵᠡᠷᠭᠡ ᠶᠢᠨ ᠪᠠᠶᠢᠳᠠᠯ ᠢ ᠭᠦᠨᠵᠡᠭᠡᠶ ᠪᠠᠶᠢᠴᠠᠭᠠᠨ ᠰᠣᠳᠣᠯᠵᠣ ᠣᠶᠢᠯᠠᠭᠠᠪᠠ | ᠃ ᠲᠡᠷᠡ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠥᠪᠡᠷᠲᠡᠭᠡᠨ ᠵᠠᠰᠠᠬᠤ | ᠣᠷᠣᠨ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠤᠰᠤᠭᠠᠷ ︽ᠵᠢᠷᠭᠤᠭ᠎ᠠ ᠶᠢ | ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ | ᠴᠢᠬᠤᠯᠠ ᠶᠡᠭᠡ ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠭᠢᠭᠤᠯᠬᠤ ᠭᠡᠷᠡᠭᠳᠠᠢ᠃ ᠡᠯ᠎ᠡ | ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠨ ᠡᠯ᠎ᠡ | ᠲᠥᠷᠤᠯ ᠤᠨ ᠥᠢᠯᠡᠴᠢᠯᠡᠭᠡᠨ ᠤ ᠪᠠᠲᠤᠯᠠᠭ᠎ᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ ᠠᠵᠤ ᠠᠬᠤᠶᠢᠯᠠᠯ ᠢ | ᠬᠠᠪᠰᠤᠷᠤᠨ ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ ᠳᠠᠬᠢ ᠬᠦᠴᠢᠷ ᠠᠰᠠᠭᠤᠳᠠᠯ ᠢ ᠨᠢ ᠰᠢᠢᠳᠪᠤᠷᠢᠯᠠᠭᠦ | ᠬᠡᠷᠡᠭᠲᠡᠶ ᠭᠡᠵᠡᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ | ᠰᠢᠦ᠋ᠩ ᠵᠢᠴᠢ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠵᠣᠬᠢᠶᠠᠨ ᠪᠠᠶᠢᠭᠤᠯᠬᠤ ᠬᠡᠯᠲᠡᠰ᠂ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ | ᠠᠵᠤ ᠥᠢᠯᠡᠳᠪᠤᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ | ᠰᠤᠪᠤᠷᠭ᠎ᠠ ᠠᠵᠤ ᠠᠬᠤᠢ ᠶᠢᠨ ᠨᠡᠭᠡᠭᠡᠯᠳᠠ ᠶᠢᠨ ᠲᠤᠭᠤᠷᠢᠭ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃ | | | | | | | ᠪᠠᠶᠢᠴᠠᠭᠠᠨ ᠰᠤᠳᠤᠯᠤᠯᠲᠠ ᠶᠢᠨ ᠳᠤᠮᠳᠠ ᠡᠷᠳᠡᠨᠢᠪᠢᠯᠢᠭ᠂ ᠲᠥᠷᠥᠯ ᠵᠥᠢᠯ ᠤᠨ ᠨᠢᠭᠡᠴᠢ ᠶᠢ ᠣᠷᠴᠢᠨ | ᠲᠣᠭᠤᠷᠢᠨ ᠤ ᠬᠠᠮᠠᠭᠠᠯᠠᠯᠲᠠ᠂ ᠠᠮᠤᠷ ᠲᠦᠪᠰᠢᠨ ᠪᠠ ᠶᠠᠰᠤ ᠴᠢᠨᠠᠷ ᠤᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠭᠰᠠᠨ ᠤᠷᠢᠲᠠᠯ ᠳᠣᠤᠷ᠎ᠠ ᠶᠠᠰᠤ ᠴᠢᠨᠠᠷ ᠢ ᠠᠳᠬᠤᠵᠤ ᠠᠬᠢᠴᠠ ᠶᠢ ᠵᠠᠪᠳᠤᠨ ᠠᠮᠤᠷ ᠲᠦᠪᠰᠢᠨ ᠢ | ᠪᠠᠲᠤᠯᠠᠵᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠴᠠᠭ ᠬᠤᠭᠤᠴᠠᠭᠠᠨ ᠤ ᠰᠢᠯᠭᠠᠯᠲᠠ ᠶᠢ ᠳᠠᠭᠠᠭᠠᠬᠤ ᠰᠣᠳᠣᠨ | ᠢᠨᠵᠧᠨᠧᠷᠢᠩ ᠪᠣᠯᠭᠠᠨ ᠪᠥᠳᠥᠭᠡᠨ ᠪᠠᠶᠢᠭᠤᠯᠵᠤ ᠲᠥᠷᠥᠯ ᠵᠥᠢᠯ ᠤᠨ ᠡᠷᠲᠡ ᠠᠵᠢᠯ ᠳᠠᠭᠤᠰᠴᠤ ᠦᠷ᠎ᠡ ᠪᠦᠲᠦᠮᠵᠢ | ᠣᠯᠬᠤ ᠶᠢ ᠪᠠᠳᠤᠯᠠᠨ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠬᠦ᠂ ︽ᠵᠢᠷᠭᠤᠭ᠎ᠠ ᠶᠢ | ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠤᠳ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ ᠲᠥᠷᠥᠯ ᠵᠥᠢᠯ ᠢ | ᠠᠬᠢᠭᠤᠯᠬᠤ ᠳᠤᠮᠳᠠ ᠲᠤᠯᠭᠠᠷᠠᠭᠰᠠᠨ ᠪᠣᠳᠠᠲᠠᠶ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠠᠵᠤ ᠪᠠᠴᠢᠮ ᠶᠠᠪᠤᠳᠠᠯ | ᠬᠦᠴᠢᠷ ᠶᠠᠪᠤᠳᠠᠯ ᠢ ᠨᠢᠭᠡᠳᠦᠭᠡᠷ ᠭᠠᠷ ᠪᠡᠶ᠎ᠡ ᠪᠠᠷ ᠢᠶᠠᠨ ᠲᠦᠷᠦᠭᠦᠯᠡᠨ ᠪᠦᠲᠦᠮᠵᠢᠲᠡᠶ ᠰᠢᠢᠳᠪᠤᠷᠢᠯᠠᠭᠦ ᠶᠢ ᠪᠠᠲᠤᠯᠠᠬᠤ | ᠬᠡᠷᠡᠭᠲᠡᠶ ᠭᠡᠵᠡᠢ᠃ | | | | | | | ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ | ᠪᠠᠲᠤᠯᠠᠬᠤ︾ ᠪᠣᠯ ᠨᠠᠮ ᠤᠨ ᠲᠥᠪ ᠬᠤᠷᠢᠶ᠎ᠠ ᠶᠢᠨ ᠭᠠᠷᠭᠠᠭᠰᠠᠨ ᠴᠢᠬᠤᠯᠠ ᠶᠡᠭᠡ ᠰᠢᠢᠳᠪᠤᠷᠢᠳᠤ ᠪᠣᠳᠣᠯᠭ᠎ᠠ ᠶᠢᠨ | ᠪᠠᠶᠢᠷᠢᠯᠠᠭᠤᠯᠤᠯᠲᠠ ᠪᠤᠯᠤᠨ᠎ᠠ᠂ ᠡᠯ᠎ᠡ ᠲᠥᠷᠤᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠶ | ᠰᠢᠢᠳᠪᠦᠷᠢᠯᠡᠬᠦ᠂ ᠠᠵᠤ ᠠᠬᠤᠶ ᠨᠡᠶᠢᠭᠡᠮ ᠤᠨ ᠶᠡᠭᠡ ᠲᠠᠯ᠎ᠠ ᠶᠢᠨ ᠲᠤᠭᠳᠠᠭᠤᠨ ᠪᠠᠶᠢᠳᠠᠯ ᠢ ᠪᠠᠲᠤᠯᠠᠬᠤ ᠴᠢᠬᠤᠯᠠ | ᠪᠠᠲᠤᠯᠠᠭ᠎ᠠ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠢᠬᠤᠯᠠ ᠶᠡᠭᠡ ᠠᠵᠠ ᠲᠣᠬᠢᠶᠠᠯ ᠢ | ᠠᠮᠵᠢᠵᠤ ᠪᠦᠬᠦ ᠬᠤᠰᠢᠭᠤᠨ ᠤ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠥᠷᠭᠡᠳᠭᠡᠨ | ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠪᠦᠬᠦ ᠬᠤᠰᠢᠭᠤ ᠪᠠᠷ ᠢᠶᠠᠨ | ᠢᠲᠡᠭᠡᠯ ᠵᠣᠷᠢᠭ ᠢᠶᠠᠨ ᠪᠠᠲᠤᠳᠬᠠᠨ ᠬᠦᠴᠢᠷ ᠢ ᠲᠤᠭᠤᠯᠤᠨ ᠰᠠᠨᠠᠭᠠᠴᠢᠯᠠᠭ᠎ᠠ ᠠᠴᠠ ᠪᠠᠨ ᠠᠵᠢᠯᠯᠠᠵᠤ ᠠᠷᠭ᠎ᠠ ᠪᠦᠬᠦᠨ ᠢ | ᠰᠦᠪᠡᠭᠴᠢᠯᠡᠨ ᠴᠢᠬᠤᠯᠠ ᠶᠡᠭᠡ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠ ᠪᠡᠯᠡ ᠣᠷᠣᠭᠤᠯᠤᠯᠲᠠ ᠶᠢ | ᠲᠣᠭᠲᠠᠪᠤᠷᠢᠵᠢᠭᠤᠯᠬᠤ ᠠᠵᠢᠯ ᠢ ᠠᠭᠢᠭᠤᠯᠬᠤ ᠭᠡᠷᠡᠭᠳᠠᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠴᠢᠩᠭ᠎ᠠ ᠠᠳᠬᠤᠵᠤ ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ ᠪᠠᠷ ᠪᠡᠯᠡ ᠣᠷᠣᠭᠤᠯᠤᠯᠲᠠ ᠶᠢ ᠲᠠᠶᠢᠴᠢᠯᠠᠨ | ᠲᠥᠷᠥᠯ ᠵᠥᠢᠯ ᠤᠨ ᠲᠥᠯᠥᠪᠵᠢᠭᠦᠯᠭᠡ ᠪᠠᠷ ᠪᠠᠯᠠ ᠣᠷᠣᠭᠤᠯᠤᠯᠲᠠ ᠶᠢ ᠬᠥᠲᠥᠯᠥᠨ ᠵᠢᠯᠣᠭᠤᠳᠴᠤ ᠲᠥᠷᠥᠯ ᠵᠥᠢᠯ ᠢ | ᠣᠷᠣᠭᠤᠯᠤᠨ ᠠᠪᠴᠢᠷᠠᠬᠤ ᠪᠠᠷ ᠪᠠᠯᠠ ᠣᠷᠣᠭᠤᠯᠤᠯᠲᠠ ᠶᠢ ᠭᠥᠭᠵᠢᠭᠡᠭᠦ ᠭᠡᠷᠡᠭᠳᠠᠢ᠃ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ᠣᠯᠠᠨ ᠲᠥᠮᠡᠨ ᠤ ᠪᠣᠳᠠᠲᠠᠶ ᠬᠦᠴᠢᠷᠳᠡᠯ ᠢ ᠨᠢ ᠰᠢᠢᠳᠪᠤᠷᠢᠯᠠᠨ | ᠥᠭᠭᠦ ᠭᠡᠷᠡᠭᠳᠠᠢ ᠭᠡᠵᠡᠢ᠃ | | | |