ᠳᠦᠷᠦ ᠶᠢᠨ ᠶᠠᠪᠣᠳᠠᠯ ᠤᠨ ᠬᠤᠷᠢᠶᠠᠨ ᠤ ᠭᠤᠷᠪᠠᠳᠣᠭᠠᠷ ᠣᠳᠠᠭᠠᠨ ᠤ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠵᠤ ᠮᠠᠨ ᠤ ᠬᠤᠰᠢᠭᠤ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2020-07-29
     7 ᠰᠠᠷ᠎ᠠ 23 ᠤ ᠡᠳᠦᠷ᠂ ᠳᠦᠷᠦ ᠶᠢᠨ ᠶᠠᠪᠣᠳᠠᠯ ᠤᠨ ᠬᠤᠷᠢᠶᠠᠨ ᠤ ᠭᠤᠷᠪᠠᠳᠣᠭᠠᠷ ᠣᠳᠠᠭᠠᠨ ᠤ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠵᠤ ᠮᠠᠨ ᠤ ᠬᠤᠰᠢᠭᠤ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯ ᠳᠤ ᠣᠷᠣᠯᠴᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠠᠭᠤᠯᠠ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠳᠠᠯᠠᠪᠠᠢ ᠳᠤ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠨᠠᠮ ᠤᠨ ᠳᠦᠪ ᠬᠤᠷᠢᠶᠠᠨ ᠤ ᠣᠯᠣᠰ ᠳᠦᠷᠦ ᠶᠢᠨ ᠳᠣᠪᠴᠢᠶᠠᠨ ᠤ ᠪᠠᠶᠢᠩᠭᠤ ᠶᠢᠨ ᠬᠡᠰᠢᠬᠦᠨ ᠳᠦᠷᠦ ᠶᠢᠨ ᠶᠠᠪᠣᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠠᠴᠠ ᠴᠢᠬᠤᠯᠠ ᠶᠠᠷᠢᠶ᠎ᠠ ᠳᠠᠯᠪᠢᠵᠦ᠂ ᠡᠯ᠎ᠡ ᠱᠠᠳᠣᠨ ᠤ ᠵᠠᠰᠠᠭ ᠤᠨ ᠣᠷᠳᠣᠨ ᠰᠢ ᠶᠢᠨ ᠫᠢᠩ ᠶᠡᠷᠦᠩᠬᠡᠢ ᠱᠦᠵᠢ ᠶᠢᠨ ᠳᠦᠪ ᠤᠨ ᠰᠠᠬᠢᠯᠭ᠎ᠠ ᠪᠠᠳᠣ ᠪᠠᠶᠢᠴᠠᠭᠠᠬᠤ ᠬᠤᠷᠢᠶᠠᠨ ᠤ ᠳᠦᠷᠪᠡᠳᠦᠬᠡᠷ ᠣᠳᠠᠭᠠᠨ ᠤ ᠪᠦᠬᠦᠳᠡ ᠬᠤᠷᠠᠯ ᠳᠤ ᠳᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠦᠨᠵᠡᠬᠡᠢ ᠰᠣᠷᠣᠯᠴᠠᠨ ᠲᠤᠭᠤᠰᠢᠯᠠᠭᠤᠯᠵᠤ ᠬᠠᠮᠢᠶ᠎ᠠ ᠪᠦᠬᠦᠢ ᠪᠠᠶᠢᠷᠢᠯᠠᠭᠤᠯᠣᠯᠳᠠ ᠶᠣᠰᠣᠭᠠᠷ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠣᠷᠳᠠᠯ ᠴᠢᠬᠡᠴᠢ ᠵᠠᠰᠠᠭ ᠤᠨ ᠪᠠᠶᠢᠭᠤᠯᠣᠯᠳᠠ ᠪᠠ ᠢᠯᠵᠡᠷᠡᠯ ᠢ ᠡᠰᠡᠷᠬᠦᠴᠡᠬᠦ ᠠᠵᠢᠯ ᠢ ᠬᠦᠨᠵᠡᠬᠡᠢ ᠠᠬᠢᠭᠤᠯᠬᠤ ᠬᠡᠷᠡᠭᠲᠡᠢ ᠬᠡᠪᠡ᠃      ᠯᠢ ᠺᠧ ᠴᠢᠶᠠᠩ ᠠᠴᠠ ᠴᠢᠬᠤᠯᠠᠴᠢᠯᠠᠬᠤ ᠳᠠᠭᠠᠨ᠂ ᠵᠠᠰᠠᠭ ᠤᠨ ᠰᠣᠷᠳᠠᠯ ᠰᠠᠬᠢᠯᠭ᠎ᠠ ᠪᠠᠳᠣ ᠶᠢ ᠴᠢᠩᠳᠠᠯᠠᠵᠦ ᠪᠡᠯᠡ ᠮᠦᠩᠬᠦ ᠶᠢᠨ ᠬᠡᠷᠡᠭᠯᠡᠯᠳᠡ ᠳᠤ ᠬᠢᠨᠠᠯᠳᠠ ᠳᠠᠯᠪᠢᠬᠤ ᠶᠢ ᠴᠢᠩᠭᠠᠳᠬᠠᠨ ᠬᠦᠴᠢᠷᠳᠡᠯ ᠢ ᠰᠢᠢᠳᠪᠦᠷᠢᠯᠡᠬᠦ ᠳᠦᠷᠦ  ᠶᠢᠨ ᠪᠣᠳᠣᠯᠭ᠎ᠠ ᠶᠢᠨ ᠨᠠᠶᠢᠳᠠᠪᠣᠷᠢᠵᠢᠭᠤᠯᠣᠯᠲᠠ ᠶᠢᠨ ᠣᠨᠣᠪᠴᠢᠲᠣ ᠴᠢᠨᠠᠷ᠂ ᠴᠠᠭ ᠬᠤᠭᠤᠴᠠᠭᠠᠲᠣ ᠴᠢᠨᠠᠷ ᠢ ᠦᠨᠡᠨᠬᠦ ᠳᠡᠭᠡᠭᠰᠢᠯᠡᠬᠦᠯᠵᠦ ᠡᠯ᠎ᠡ ᠭᠠᠵᠠᠷ ᠣᠷᠣᠨ ᠪᠣᠯᠣᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠣᠨᠴᠠᠭᠠᠢ ᠠᠷᠭ᠎ᠠ ᠪᠠᠷᠢᠯ ᠢᠶᠠᠷ ᠰᠢᠯᠵᠢᠬᠦᠯᠦᠨ ᠲᠤᠭᠠᠴᠠᠬᠤ ᠳᠣᠭᠳᠠᠴᠠ ᠶᠢ ᠴᠢᠩᠭ᠎ᠠ ᠬᠡᠷᠡᠭᠵᠢᠬᠦᠯᠵᠦ ᠦᠨᠳᠦᠷ ᠦᠷ᠎ᠡ ᠪᠦᠲᠦᠮᠵᠢ ᠣᠯᠬᠤ ᠬᠡᠷᠡᠭᠲᠡᠢ᠃ ᠡᠯ᠎ᠡ ᠱᠠᠳᠣᠨ ᠤ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠤᠨ ᠳᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠬᠤ ᠦᠵᠡᠯ ᠰᠠᠨᠠᠭ᠎ᠠ ᠪᠠᠨ ᠪᠣᠯᠭᠠᠵᠦ ︽ᠳᠦᠷᠪᠡᠨ ᠣᠬᠠᠮᠰᠠᠷ︾ ᠢᠶᠠᠨ ᠴᠢᠩᠭᠠᠳᠬᠠᠵᠦ ︽ᠳᠦᠷᠪᠡᠨ ᠢᠳᠡᠬᠡᠯ︾ ᠢ ᠪᠠᠳᠣᠳᠬᠠᠵᠦ ︽ᠬᠤᠶᠠᠷ ᠢ ᠬᠠᠮᠠᠭᠠᠯᠠᠬᠤ︾ ᠶᠢ ᠡᠷᠡᠰ ᠪᠠᠷᠢᠮᠳᠠᠯᠠᠨ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠪᠠ ᠨᠠᠮ ᠤᠨ ᠰᠣᠷᠳᠠᠯ ᠴᠢᠬᠡᠴᠢ ᠵᠠᠰᠭ ᠤᠨ ᠪᠠᠶᠢᠭᠤᠯᠣᠯᠳᠠ ᠶᠢᠨ ᠭᠤᠣᠯ ᠬᠠᠷᠢᠭᠤᠴᠠᠯᠭ᠎ᠠ ᠶᠢ ᠲᠤᠭᠤᠰᠢᠯᠠᠭᠤᠯᠵᠤ ᠭᠤᠣᠯᠳᠠᠯᠭ᠎ᠠ  ᠲᠠᠢ ᠬᠦᠷᠢᠶ᠎ᠡ ᠴᠠᠷᠠᠭᠠᠨ ᠳᠠᠬᠢ ᠢᠯᠵᠡᠷᠡᠯ ᠪᠠ ᠣᠯᠠᠨ ᠳᠦᠮᠡᠨ ᠤ ᠠᠰᠢᠭ ᠳᠣᠰᠠ ᠶᠢ ᠬᠤᠬᠢᠷᠠᠭᠤᠯᠣᠭᠰᠠᠳ ᠢ ᠡᠷᠡᠰ ᠰᠢᠢᠳᠬᠡᠨ᠎ᠡ᠃ ᠡᠯ᠎ᠡ ᠱᠠᠳᠣᠨ ᠤ ᠵᠠᠰᠠᠭ ᠤᠨ ᠣᠷᠳᠣᠨ ᠤ ᠠᠵᠢᠯᠳᠠᠳ ᠠᠵᠢᠯᠴᠢ ᠬᠢᠴᠢᠶᠡᠩᠬᠦᠢ ᠪᠠᠷ ᠬᠠᠷᠢᠭᠤᠴᠠᠯᠭ᠎ᠠ  ᠪᠠᠨ ᠬᠦᠢᠴᠡᠳᠬᠡᠵᠦ ᠠᠷᠢᠭᠤᠨ ᠴᠢᠬᠡᠴᠢ ᠪᠠᠷ ᠨᠡᠶᠢᠳᠡ ᠶᠢᠨ ᠳᠦᠯᠦᠬᠡ ᠵᠢᠳᠬᠦᠵᠦ ᠦᠶᠡᠷ ᠢ ᠰᠡᠷᠭᠡᠶᠢᠯᠡᠨ ᠠᠶᠣᠯ  ᠠᠴᠠ ᠠᠪᠣᠷᠠᠬᠤ ᠪᠠ ᠠᠶᠣᠯᠬᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠳᠣᠷ ᠬᠢᠵᠦ ᠪᠦᠬᠦ ᠵᠢᠯ ᠤᠨ ᠠᠵᠣ ᠠᠬᠤᠢ ᠶᠢᠨ ᠬᠠᠷᠠᠯᠳᠠᠳᠣ ᠡᠬᠦᠷᠬᠡ ᠶᠢ ᠴᠢᠷᠮᠠᠶᠢᠨ ᠪᠡᠶᠡᠯᠡᠬᠦᠯᠬᠦ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号