ᠬᠤᠨᠵᠢᠨ ᠴᠠᠶᠢᠳᠠᠮ ᠲᠣᠰᠬᠤᠨ᠄ ︽ᠵᠢᠷᠭᠤᠭᠠᠨ ᠠᠵᠢᠯᠯᠠᠭ᠎ᠠ︾ ᠪᠠᠷ ᠨᠠᠮ ᠪᠠᠶᠢᠭᠤᠯᠤᠭᠳᠠᠭᠰᠠᠨ 99  ᠵᠢᠯ ᠤᠨ ᠣᠶ ᠶᠢ ᠪᠡᠯᠬᠡᠯᠡᠪᠡ
ᠨᠡᠶᠢᠲᠡᠯᠡᠭᠰᠡᠨ ᠴᠠᠭ᠄
2020-07-03
     ᠤᠢᠢᠷ᠎ᠠ ᠳᠤ ᠦᠤᠰᠢᠨ ᠬᠤᠰᠢᠭᠤᠨ ᠤ ᠰᠢᠷᠬᠤᠰᠤᠨ ᠪᠠᠯᠭᠠᠰᠤ ᠶᠢᠨ ᠬᠤᠨᠵᠢᠨ ᠴᠠᠶᠢᠳᠠᠮ ᠲᠣᠰᠬᠤᠨ ᠥᠤᠰᠢᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ᠂ ᠦᠤᠰᠢᠨ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠦᠤᠰᠢᠨ ᠬᠤᠰᠢᠭᠤᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠪᠥᠸᠧ ᠳ᠋ᠡ ᠱᠢ ᠳ᠋ᠢ ᠬᠢᠮᠢ ᠶᠢᠨ ᠬᠢᠵᠠᠭᠠᠷᠲᠤ ᠺᠣᠮᠫᠠᠨᠢ ᠵᠡᠷᠭᠡ ᠨᠢᠭᠡᠴᠢ ᠲᠠᠢ ᠬᠠᠮᠲᠦᠷᠠᠨ᠂ ᠨᠠᠮ ᠪᠠᠶᠢᠭᠤᠯᠤᠭᠳᠠᠭᠰᠠᠨ 99 ᠵᠢᠯ ᠤᠨ ᠣᠶ ᠶᠢ ᠪᠡᠯᠭᠡᠯᠡᠬᠦ ᠪᠠᠶᠠᠯᠢᠭ ᠠᠭᠤᠯᠭ᠎ᠠ ᠪᠦᠬᠦᠢ ᠰᠢᠷᠢᠰ ᠠᠵᠢᠯᠯᠠᠭ᠎ᠠ ᠶᠢ ᠦᠷᠨᠢᠬᠦᠯᠦᠭᠰᠡᠡ ᠪᠠᠶᠢᠨ᠎ᠠ᠃      ᠨᠢᠭᠡ ᠳᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠵᠢᠴᠢ ᠠᠵᠤ ᠠᠬᠤᠶᠢᠯᠠᠯ ᠠᠴᠠ ᠮᠠᠯᠵᠢᠬᠤ ᠳᠠᠷᠢᠶᠠᠯᠠᠬᠤ ᠤᠷᠤᠨ ᠤ ᠬᠦᠭᠵᠢᠯᠲᠠ ᠶᠢ ᠳᠤᠰᠠᠯᠠᠬᠤ ᠠᠵᠢᠯᠯᠠᠭ᠎ᠠ ᠶᠢ ᠦᠷᠨᠢᠬᠦᠯᠪᠡ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠣᠯᠠᠨ ᠲᠦᠮᠡᠨ ᠳᠤ ᠦᠢᠯᠡᠴᠢᠯᠡᠬᠦ ︽ᠬᠠᠮᠤᠭ ᠡᠴᠦᠰ ᠤᠨ ᠨᠢᠭᠡ ᠺᠢᠯᠣᠮᠧᠲᠷ︾ ᠤᠨ ᠠᠰᠠᠭᠤᠳᠠᠯ ᠢ ᠰᠢᠢᠳᠪᠤᠷᠢᠯᠡᠬᠦ ᠶᠢᠨ ᠲᠥᠯᠥᠭᠡ᠂ ᠣᠯᠠᠨ ᠲᠠᠯ᠎ᠠ ᠶᠢᠨ ᠵᠣᠬᠢᠴᠠᠭᠤᠯᠭ᠎ᠠ ᠪᠠᠷ ᠳᠠᠮᠵᠢᠭᠤᠯᠤᠨ᠂ ᠥᠪᠥᠷ ᠮᠣᠩᠭᠤᠯ ᠤᠨ ᠪᠥᠸᠧ ᠳ᠋ᠡ ᠱᠢ ᠳ᠋ᠢ ᠬᠢᠮᠢ ᠶᠢᠨ ᠬᠢᠵᠠᠭᠠᠷᠲᠤ ᠬᠠᠷᠢᠭᠤᠴᠠᠯᠭᠠᠳᠤ ᠺᠣᠮᠫᠠᠨᠢ ᠶᠢᠨ ᠬᠤᠨᠵᠢᠨ ᠴᠠᠶᠢᠳᠠᠮ ᠲᠣᠰᠬᠤᠨ ᠤ ᠲᠠᠷᠢᠶᠠᠯᠠᠩ ᠦᠢᠯᠡᠳᠪᠤᠷᠢᠯᠡᠯ ᠤᠨ ᠬᠡᠷᠡᠭᠰᠡᠯ ᠤᠨ ᠰᠢᠭᠤᠳ ᠪᠣᠷᠣᠯᠠᠭᠤᠯᠭ᠎ᠠ ᠶᠢᠨ ᠳᠡᠯᠭᠡᠭᠦᠷ ᠵᠢᠩᠬᠢᠨᠢ ᠪᠠᠷ ᠠᠵᠢᠯᠯᠠᠵᠦ ᠡᠬᠢᠯᠡᠪᠠ᠃ ᠲᠤᠰ ᠺᠣᠮᠫᠠᠨᠢ ᠶᠢᠨ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡᠨ ᠤ ᠪᠠᠭ᠎ᠠ ᠠᠩᠭᠢ ᠴᠤ ᠫᠠᠶᠢᠰᠠ ᠡᠯᠭᠦᠵᠦ ᠪᠠᠢᠭᠤᠯᠤᠭᠳᠠᠵᠠᠢ᠃ ᠬᠤᠶᠠᠷ ᠲᠤ ᠶᠠᠳᠠᠭᠤ ᠬᠦᠴᠢᠷᠳᠡᠯᠲᠡᠶ ᠡᠷᠦᠬᠡ ᠳᠤ ᠬᠢᠮᠢ ᠶᠢᠨ ᠪᠣᠷᠲᠣᠭᠤᠷ ᠬᠠᠨᠳᠢᠪᠯᠠᠪᠠ ᠃ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠵᠡᠷᠭᠡ ᠬᠠᠪᠰᠤᠷᠤᠨ ᠲᠡᠳᠬᠦᠬᠦ ᠨᠢᠭᠡᠴᠢ ᠶᠢᠨ ᠵᠣᠬᠢᠴᠠᠭᠤᠯᠭ᠎ᠠ ᠪᠠᠷ  ᠦᠪᠤᠷ ᠮᠣᠩᠭᠤᠯ ᠤᠨ ᠪᠥᠸᠧ ᠳ᠋ᠡ ᠱᠢ ᠳ᠋ᠢ ᠬᠢᠮᠢ ᠶᠢᠨ ᠬᠢᠵᠠᠭᠠᠷᠲᠤ ᠺᠣᠮᠫᠠᠨᠢ ᠬᠤᠨᠵᠢᠨ ᠴᠠᠶᠢᠳᠠᠮ ᠲᠣᠰᠬᠤᠨ ᠤ ᠳᠠᠩᠰᠠᠯᠠᠵᠦ ᠺᠠᠷᠳ᠋ᠯᠠᠭᠰᠠᠨ 8 ᠶᠠᠳᠠᠭᠤ ᠬᠦᠴᠢᠷᠳᠡᠯᠲᠡᠶ ᠡᠷᠦᠬᠡ ᠳᠤ 5 ᠲᠣᠨ ᠬᠢᠮᠢ ᠶᠢᠨ ᠪᠣᠷᠳᠣᠭᠤᠷ ᠬᠠᠨᠳᠢᠪᠯᠠᠭᠰᠠᠨ ᠪᠠᠶᠢᠨ᠎ᠠ᠃ ᠭᠤᠷᠪᠠ ᠳᠤ ᠬᠡᠤᠬᠡᠳ ᠢ ᠬᠠᠯᠠᠮᠵᠢᠯᠠᠨ ᠲᠣᠬᠤᠨᠢᠭᠤᠯᠬᠤ ᠠᠵᠢᠯᠯᠠᠭ᠎ᠠ ᠦᠷᠨᠢᠬᠦᠯᠪᠡ᠃ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠵᠡᠷᠭᠡ ᠬᠠᠪᠰᠤᠷᠤᠨ ᠲᠡᠳᠬᠦᠬᠦ ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠬᠤᠨᠵᠢᠨ ᠴᠠᠶᠢᠳᠠᠮ ᠲᠣᠰᠬᠤᠨ ᠤ ᠬᠠᠷᠢᠭᠤᠴᠠᠯᠭᠠᠲᠠᠨ ᠪᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠠᠵᠢᠯᠳᠠᠳ ᠬᠤᠨᠵᠢᠨ ᠴᠠᠶᠢᠳᠠᠮ ᠲᠣᠰᠬᠤᠨ ᠤ ᠰᠢᠩ ᠭᠤᠸᠠᠩ ᠬᠡᠤᠬᠡᠳ ᠤᠨ ᠴᠡᠴᠡᠷᠯᠢᠭ ᠲᠤ ᠬᠦᠷᠴᠦ ᠬᠡᠤᠬᠡᠳ ᠤᠨ ᠴᠡᠴᠡᠷᠯᠢᠭ ᠤᠨ ᠪᠠᠭᠰᠢ ᠪᠠ ᠬᠡᠤᠬᠡᠳ ᠢ ᠪᠣᠯᠭᠤᠭᠠᠨ ᠲᠣᠬᠤᠨᠢᠭᠤᠯᠵᠤ᠂ ᠲᠤᠬᠠᠶ ᠶᠢᠨ ᠲᠠᠯᠠᠪᠤᠷ ᠲᠤ ᠵᠢᠭᠠᠨ ᠰᠤᠷᠭᠠᠬᠤ ᠠᠵᠢᠯᠯᠠᠭ᠎ᠠ ᠶᠢ ᠲᠣᠭᠤᠷᠢᠨ ᠦᠵᠡᠬᠦ ᠶᠢᠨ ᠳᠠᠭᠠᠦ ᠬᠡᠤᠬᠡᠳ ᠤᠨ ᠴᠡᠴᠡᠷᠯᠢᠭ ᠲᠤ ᠪᠣᠭᠴᠣ᠂ ᠰᠤᠷᠤᠯᠭ᠎ᠠ ᠶᠢᠨ ᠬᠡᠷᠡᠭᠰᠡᠯ ᠪᠠ ᠪᠠᠭᠰᠢ ᠶᠢᠨ ᠠᠮᠢᠳᠤᠷᠠᠯ ᠤᠨ ᠬᠡᠷᠡᠭᠰᠡᠯ ᠢ ᠪᠡᠯᠡᠭᠯᠡᠵᠡᠶ᠃ ᠲᠦᠷᠪᠡ ᠳᠤ ᠨᠠᠮ ᠳᠤ ᠣᠷᠣᠬᠤ ᠲᠠᠩᠭᠠᠷᠢᠭ ᠢᠶᠠᠨ ᠲᠠᠬᠢᠨ ᠡᠷᠭᠢᠴᠡᠭᠦᠯᠪᠡ᠃ ᠲᠠᠪᠤ ᠳᠤ ᠰᠢᠯᠢᠳᠡᠭ ᠨᠠᠮ ᠤᠨ ᠭᠡᠰᠢᠭᠦᠨ ᠪᠠ ᠰᠤᠷᠤᠯᠴᠠᠯᠭ᠎ᠠ ᠶᠢᠨ ᠳᠠᠭᠤᠷᠢᠶᠠᠯ ᠢ ᠬᠥᠬᠢᠭᠦᠯᠦᠨ ᠰᠠᠶᠢᠰᠢᠶᠠᠪᠠ᠃ ᠠᠵᠢᠯᠯᠠᠭ᠎ᠠ ᠳᠤ᠂ ᠬᠤᠨᠵᠢᠨ ᠴᠠᠶᠢᠳᠠᠮ ᠲᠣᠰᠬᠤᠨ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ᠂ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠵᠡᠷᠭᠡ ᠪᠠᠶᠢᠭᠤᠯᠭ᠎ᠠ ᠨᠢ 5 ᠰᠢᠯᠢᠳᠡᠭ ᠨᠠᠮ ᠤᠨ ᠭᠡᠰᠢᠭᠦᠨ᠂ 4 ᠰᠤᠷᠤᠯᠴᠠᠯᠭ᠎ᠠ ᠶᠢᠨ ᠵᠢᠱᠢᠶᠡᠴᠢ ᠶᠢ ᠬᠥᠬᠢᠭᠦᠯᠦᠨ ᠱᠠᠩᠨᠠᠭᠰᠠᠨ ᠪᠥᠭᠡᠳ ᠬᠤᠨᠵᠢᠨ ᠴᠠᠶᠢᠳᠠᠮ ᠲᠣᠰᠬᠤᠨ ᠤ 3 ᠠᠬᠠᠮᠠᠳ ᠨᠠᠮ ᠤᠨ ᠭᠡᠰᠢᠭᠦᠨ᠂ ᠬᠦᠴᠢᠷᠳᠡᠯᠲᠡᠶ ᠨᠠᠮ ᠤᠨ ᠭᠡᠰᠢᠭᠦᠨ ᠢ ᠲᠣᠬᠤᠨᠢᠭᠤᠯᠤᠬᠰᠠᠠ ᠪᠠᠶᠢᠨ᠎ᠠ᠃ ᠵᠢᠷᠭᠤᠭ᠎ᠠ ᠳᠤ ᠨᠠᠮ ᠤᠨ ᠬᠢᠴᠢᠶᠡᠯ ᠤᠷᠤᠪᠠ᠃ ᠬᠤᠰᠢᠭᠤᠨ ᠤ ᠨᠠᠮ ᠤᠨ ᠬᠤᠷᠢᠶ ᠎ᠡ ᠶᠢᠨ ᠨᠠᠮ ᠤᠨ ᠰᠤᠷᠭᠠᠭᠤᠯᠢ ᠠᠴᠠ ᠪᠠᠭᠰᠢ ᠤᠷᠢᠵᠤ ᠪᠦᠬᠦ ᠨᠠᠮ ᠤᠨ ᠭᠡᠰᠢᠭᠦᠳ ᠲᠤ ︽ᠭᠡᠷᠡᠯ ᠰᠠᠴᠤᠷᠠᠩᠭᠤᠢ ᠥᠩᠭᠡᠷᠡᠯᠲᠡ ᠠᠭᠤᠤ ᠶᠡᠭᠡ ᠠᠮᠵᠢᠯᠲᠠ︾ ᠭᠡᠬᠦ ᠲᠤᠰᠬᠠᠢ ᠰᠡᠳᠦᠪᠲᠦ ᠨᠠᠮ ᠤᠨ ᠬᠢᠴᠢᠶᠡᠯᠯᠡᠭᠡ ᠬᠢᠵᠠᠢ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号