ᠮᠠᠨ ᠤ ᠬᠤᠰᠢᠭᠤ ︽ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠭᠥᠢᠴᠡᠳᠭᠡᠵᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ ᠰᠢᠪᠳᠤᠯᠤᠯᠳᠠ ᠪᠤᠯᠭᠠᠬᠤ︾ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 99 ᠵᠢᠯ ᠤᠨ ᠤᠢ ᠶᠢ ᠪᠡᠯᠭᠡᠯᠡᠬᠦ ᠭᠤᠤᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-07-03
     7 ᠰᠠᠷ᠎ᠠ ᠶᠢᠨ 1 ᠤ ᠡᠳᠦᠷ᠂ ᠮᠠᠨ ᠤ ᠬᠤᠰᠢᠭᠤ ︽ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠭᠥᠢᠴᠡᠳᠭᠡᠵᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ ᠰᠢᠪᠳᠤᠯᠤᠯᠳᠠ ᠪᠤᠯᠭᠠᠬᠤ︾ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 99 ᠵᠢᠯ ᠤᠨ ᠤᠢ ᠶᠢ ᠪᠡᠯᠭᠡᠯᠡᠬᠦ ᠭᠤᠤᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠥᠷᠨᠢᠭᠦᠯᠪᠡ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠢᠴᠢ ᠰᠢᠶᠠᠨ ᠤ ᠲᠠᠰ ᠤᠨ ᠭᠡᠷ ᠲᠡᠭᠡᠨ ᠪᠠᠶᠢᠭ᠎ᠠ ᠬᠡᠰᠡᠭ ᠤᠳᠤᠷᠢᠳᠤᠯᠭ᠎ᠠ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠪᠤᠯᠪᠠᠰᠤᠨ ᠬᠤᠲᠠ  ᠶᠢᠨ ᠡᠭᠦᠳᠤᠨ ᠪᠠᠶᠢᠭᠤᠯᠤᠯᠳᠠ ᠶᠢᠨ ᠠᠵᠢᠯ ᠤᠨ ᠭᠤᠤᠯ ᠪᠤᠯᠬᠤ ᠨᠢᠭᠡᠴᠢ ᠶᠢᠨ ᠬᠠᠷᠢᠭᠤᠴᠠᠯᠭᠠᠳᠠᠨ᠂ ᠭᠠᠯᠠᠭᠤᠲᠤ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠤᠨ ᠱᠦᠵᠢ ᠵᠢᠴᠢ ᠪᠤᠯᠪᠠᠰᠤᠨ ᠬᠤᠳᠠ ᠶᠢ ᠡᠭᠦᠳᠤᠨ ᠪᠠᠶᠢᠭᠤᠯᠬᠤ ᠠᠯᠪᠠᠨ ᠭᠡᠷ ᠤᠨ ᠪᠥᠬᠦ ᠠᠵᠢᠯᠲᠠᠳ ᠠᠵᠢᠯᠯᠠᠭ᠎ᠠ ᠳᠤ ᠤᠷᠤᠯᠴᠠᠵᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ ᠠᠵᠢᠯᠯᠠᠭ᠎ᠠ ᠶᠢ ᠡᠷᠭᠢᠯᠡᠭᠰᠠᠨ ᠪᠠᠶᠢᠨ᠎ᠠ᠃
     ᠦᠤᠰᠢᠨ ᠬᠤᠰᠢᠭᠤᠨ ᠤ ᠨᠠᠮ ᠤᠨ ᠬᠤᠷᠢᠶᠠᠨ ᠤ ᠬᠠᠭᠤᠴᠢᠨ ᠪᠠᠭᠤᠷᠢ ᠳᠤ ᠲᠠᠶᠠᠭᠠᠷ ᠢᠶᠠᠨ ᠤᠯᠤᠰ ᠤᠨ ᠲᠠᠭᠤᠤ ᠳᠠᠭᠤᠯᠠᠵᠤ ᠨᠠᠮ ᠤᠨ ᠲᠤᠭ ᠥᠭᠡᠳᠡ ᠬᠠᠨᠳᠤᠨ ᠨᠠᠮ ᠳᠤ ᠣᠷᠣᠬᠤ ᠲᠠᠩᠭᠠᠷᠢᠭ ᠢ ᠳᠠᠬᠢᠨ ᠡᠷᠭᠢᠴᠡᠭᠦᠯᠵᠦ ᠨᠠᠮᠴᠢ ᠴᠢᠨᠠᠷ ᠤᠨ ᠬᠥᠮᠦᠵᠢᠯ ᠢ ᠬᠦᠷᠲᠡᠨ ᠪᠦᠬᠦ ᠬᠤᠰᠢᠭᠤᠨ ᠤ ᠤᠯᠠᠨ ᠲᠥᠮᠡᠨ ᠤ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠢᠲᠡᠭᠡᠯ ᠵᠣᠷᠢᠭ ᠢᠶᠠᠨ ᠪᠠᠳᠤᠳᠬᠠᠬᠤ ᠶᠢ ᠲᠠᠶᠢᠴᠢᠯᠠᠵᠦ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠬᠢᠯᠪᠠᠷ ᠪᠤᠰᠤ ᠪᠠᠷ ᠢᠷᠡᠭᠰᠡᠨ ᠵᠣᠯ ᠵᠢᠷᠭᠠᠯᠲᠤ ᠠᠮᠢᠳᠤᠷᠠᠯ ᠢᠶᠠᠨ ᠨᠠᠩ ᠨᠠᠨᠳᠢᠩᠨᠠᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠭᠡᠰᠢᠭᠦᠨ ᠺᠠᠳ᠋ᠷᠴᠤᠳ ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠥᠢᠯᠡᠳᠤᠯᠭᠡᠵᠢᠭᠦᠯᠤᠨ ᠪᠦᠬᠦ ᠤᠯᠤᠰ ᠤᠨ ᠬᠤᠰᠢᠭᠤ ᠰᠢᠶᠠᠨ ᠤ ᠲᠠᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠣᠭᠤᠮᠲᠠ ᠰᠢᠪᠲᠤᠯᠬᠤ ᠲᠠᠶᠢᠯᠠᠯᠳᠤᠭᠠᠨ ᠤ ᠢᠯᠠᠯᠲᠠ ᠶᠢ ᠣᠯᠵᠤ ᠪᠦᠬᠦ ᠬᠤᠰᠢᠭᠤᠨ ᠤ ᠠᠷᠠᠳ ᠲᠦᠮᠡᠨ ᠳᠤ ᠬᠠᠨᠤᠮᠵᠢᠲᠠᠶ ᠬᠠᠷᠢᠭᠤᠯᠲᠠ ᠥᠭᠭᠦ ᠶᠢ ᠤᠷᠢᠶᠠᠯᠠᠭᠰᠠ ᠪᠠᠶᠢᠨ᠎ᠠ᠃
     ᠠᠵᠢᠯᠯᠠᠭᠠᠨ ᠳᠤ ᠤᠯᠠᠭᠠᠠᠳᠤᠯᠤᠭᠠᠢ ᠪᠠᠯᠭᠠᠰᠤ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠤᠪᠤᠷᠭ᠎ᠠ ᠨᠡᠶᠢᠭᠡᠮ ᠲᠣᠭᠤᠷᠢᠭ᠂ ᠪᠤᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠶᠢᠨ ᠠᠯᠪᠠᠨ ᠬᠡᠷ ᠤᠨ ᠬᠠᠮᠢᠶ᠎ᠠ ᠪᠥᠬᠦᠶ ᠬᠠᠷᠢᠭᠤᠴᠠᠯᠭᠠᠳᠠᠨ᠂ ᠰᠠᠶᠢᠨ ᠳᠤᠷᠠᠴᠤᠳ ᠤᠨ ᠲᠥᠯᠥᠭᠡᠯᠡᠭᠴᠢ ᠲᠣᠰ ᠲᠣᠰ ᠪᠣᠯᠪᠠᠰᠤᠨ ᠬᠤᠳᠠ ᠶᠢᠨ ᠡᠭᠦᠳᠦᠨ ᠪᠠᠶᠢᠭᠤᠯᠤᠯᠳᠠ ᠶᠢᠨ ᠠᠵᠢᠯ ᠤᠨ ᠲᠣᠭᠤᠷᠢᠨ ᠳᠤ ᠣᠪᠣᠷ ᠢᠶᠠᠨ ᠢᠯᠡᠳᠬᠡᠵᠡᠶ᠃ ᠤᠯᠠᠨ ᠢᠶᠠᠷ ᠢᠶᠠᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ︽ᠭᠤᠤᠯ ᠬᠦᠴᠦᠨ︾ ᠤ ᠦᠯᠢᠭᠡᠷ ᠳᠠᠭᠤᠷᠢᠶᠠᠯ ᠪᠣᠯᠬᠤ ᠥᠢᠯᠡᠳᠤᠯ ᠢ ᠪᠠᠳᠠᠷᠠᠭᠤᠯᠵᠤ ᠬᠥᠮᠦᠨ ᠪᠦᠬᠦᠨ ᠡᠭᠦᠳᠦᠨ ᠪᠠᠶᠢᠭᠤᠯᠤᠯᠳᠠ ᠶᠢ ᠬᠠᠯᠠᠮᠵᠢᠯᠠᠬᠤ ᠳᠡᠮᠵᠢᠬᠦ ᠡᠭᠦᠳᠤᠨ ᠪᠠᠶᠢᠭᠤᠯᠤᠯᠳᠠ ᠳᠤ ᠤᠷᠤᠯᠴᠠᠬᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠤᠢ ᠪᠤᠯᠭᠠᠨ᠎ᠠ᠃ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ ᠡᠭᠦᠳᠦᠨ ᠪᠠᠶᠢᠭᠤᠯᠤᠯᠳᠠ ᠶᠢᠨ ᠡᠭᠦᠷᠭᠡ ᠶᠢ ᠥᠨᠳᠥᠷ ᠪᠠᠷᠢᠮᠵᠢᠶ᠎ᠠ ᠲᠠᠢ᠂ ᠥᠨᠳᠥᠷ ᠶᠠᠰᠤ ᠴᠢᠨᠠᠷ ᠲᠠᠢ᠂ ᠥᠨᠳᠥᠷ ᠦᠷ᠎ᠡ ᠪᠥᠳᠥᠮᠵᠢᠳᠠᠢ ᠪᠠᠷ ᠪᠡᠶᠡᠯᠡᠭᠦᠯᠵᠦ ᠪᠣᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠠᠵᠢᠯ ᠢ ᠰᠠᠶᠢᠲᠤᠷ ᠬᠢᠵᠦ ᠪᠦᠬᠦ ᠬᠤᠰᠢᠭᠤᠨ ᠤ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠢ ᠬᠠᠷᠢᠭᠤᠯᠲᠠ ᠲᠤᠰᠢᠶᠠᠨ᠎ᠠ᠃ ᠨᠠᠮ ᠤᠨ ᠭᠡᠰᠢᠭᠦᠳ ᠭᠠᠪᠰᠢᠭᠠᠶᠢᠯᠠᠨ ᠬᠤᠰᠢᠭᠤᠴᠢ ᠪᠤᠯᠵᠦ ᠪᠣᠯᠪᠠᠰᠤᠨ ᠰᠢᠨ᠎ᠡ ᠰᠤᠷᠲᠠᠯ ᠢ ᠰᠠᠨᠠᠭᠠᠴᠢᠯᠠᠨ ᠨᠡᠶᠢᠭᠡᠮ ᠤᠨ ᠢᠳᠡᠪᠬᠢ ᠬᠦᠴᠦᠨ ᠢ ᠲᠠᠮᠵᠢᠭᠤᠯᠤᠨ᠎ᠠ ᠭᠡᠵᠤ ᠢᠯᠠᠷᠭᠡᠶᠢᠯᠠᠵᠠᠢ᠃
     ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠪᠦᠬᠦ ᠬᠤᠰᠢᠭᠤᠨ ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠶᠡᠷᠦᠩᠬᠡᠶᠢᠯᠡᠨ ᠵᠢᠯᠣᠭᠤᠳᠴᠤ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠨ ᠦᠤᠰᠢᠨ ᠤ ᠠᠷᠠᠳ ᠲᠦᠮᠡᠨ ᠤ ᠮᠣᠩᠭᠤᠯ ᠮᠤᠷᠢᠨ ᠤ ᠵᠣᠷᠢᠭ ᠰᠠᠨᠠᠭ᠎ᠠ᠂ ᠡᠯᠡᠰᠦ ᠶᠢ ᠵᠠᠰᠠᠵᠤ ᠣᠶᠢᠵᠢᠭᠤᠯᠬᠤ ᠵᠣᠷᠢᠭ ᠰᠠᠨᠠᠭ᠎ᠠ᠂ ᠬᠤᠪᠢᠰᠬᠠᠯᠲᠤ ᠵᠣᠷᠢᠭ ᠰᠠᠨᠠᠭ᠎ᠠ ᠶᠢ ᠪᠠᠳᠠᠷᠠᠭᠤᠯᠵᠤ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠡᠯ᠎ᠡ ᠲᠥᠷᠤᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠭᠢᠭᠤᠯᠬᠤ ᠭᠡᠷᠡᠭᠳᠠᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠪᠤᠯᠪᠠᠰᠤᠨ ᠬᠤᠲᠠ  ᠶᠢ ᠡᠭᠦᠳᠤᠨ ᠪᠠᠶᠢᠭᠤᠯᠬᠤ ᠠᠵᠢᠯ ᠳᠠᠬᠢ ᠤᠳᠤᠷᠢᠳᠤᠯᠭ᠎ᠠ ᠶᠢ ᠪᠠᠷᠢᠮᠲᠠᠯᠠᠵᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢᠯᠠᠩᠭᠤᠶ᠎ᠠ ᠬᠤᠰᠢᠭᠤ ᠰᠢᠶᠠᠨ ᠤ ᠲᠠᠰ ᠤᠨ ᠤᠳᠤᠷᠢᠳᠤᠯᠭ᠎ᠠ ᠪᠣᠯᠤᠨ ᠰᠤᠮᠤ ᠪᠠᠯᠭᠠᠰᠤ᠂ ᠰᠠᠯᠠᠭ᠎ᠠ ᠮᠥᠴᠢᠷ ᠤᠨ ︽ᠨᠢᠭᠡᠳᠦᠭᠡᠷ ᠭᠠᠷ︾ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ ᠲᠣᠰ ᠲᠣᠰ ᠤᠨ ᠡᠭᠦᠳᠦᠨ ᠪᠠᠶᠢᠭᠤᠯᠬᠤ ᠡᠭᠦᠷᠭᠡ᠂ ᠬᠦᠴᠢᠷ ᠠᠰᠠᠭᠤᠳᠠᠯ᠂ ᠪᠠᠭᠤᠷᠠᠶ ᠲᠠᠯ᠎ᠠ ᠪᠠᠨ ᠪᠡᠶ᠎ᠡ ᠪᠠᠷ ᠢᠶᠠᠨ ᠬᠢᠵᠦ ᠪᠣᠳᠠᠲᠠᠶ ᠰᠶᠢᠳᠪᠤᠷᠢᠯᠡᠬᠦ ᠬᠡᠷᠡᠭᠲᠡᠶ᠃ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠥᠢᠯᠡᠳᠤᠯᠭᠡᠵᠢᠭᠦᠯᠤᠨ ᠠᠷᠠᠳ ᠤᠨ ᠲᠥᠯᠥᠭᠡ ᠵᠢᠳᠬᠦᠬᠦ᠂ ᠠᠷᠠᠳ ᠲᠤ ᠠᠰᠢᠭ ᠬᠦᠷᠲᠡᠭᠡᠬᠦ᠂ ᠠᠷᠠᠳ ᠲᠤ ᠲᠦᠰᠢᠭᠯᠡᠬᠦ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠴᠢᠩᠭᠠᠳᠬᠠᠵᠤ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠭᠢᠵᠤ ︽ᠵᠢᠷᠭᠤᠭ᠎ᠠ‌‍ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠠᠨ ᠵᠠᠰᠠᠬᠤ᠂ ᠬᠤᠭᠤᠯᠠᠢ ᠲᠣᠣᠷ ᠢ ᠥᠭᠡᠷᠡᠴᠢᠯᠡᠬᠦ᠂ ᠵᠡᠭᠡᠯᠢ ᠭᠤᠳᠤᠮᠵᠢ ᠶᠢ ᠬᠠᠲᠠᠭᠤᠷᠠᠭᠤᠯᠤᠨ ᠨᠤᠭᠤᠭᠠᠷᠠᠭᠤᠯᠬᠤ᠂ ᠣᠷᠣᠰᠢᠨ ᠰᠠᠭᠤᠷᠢᠰᠢᠬᠤ ᠣᠷᠴᠢᠨ ᠲᠤᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠢ ᠱᠠᠯᠠᠪᠳᠠᠨ ᠭᠢᠭᠦ ᠭᠡᠷᠡᠭᠳᠠᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ ᠲᠤᠳᠠᠭᠳᠠᠯ ᠢᠶᠠᠨ ᠨᠥᠬᠦᠪᠥᠷᠢᠯᠡᠬᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠬᠦ ᠶᠢ ᠳᠣᠪᠤᠶᠢᠯᠭᠠᠵᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠪᠣᠯᠪᠠᠰᠤᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠳᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠥᠢᠯᠡᠳᠤᠯᠭᠡ ᠶᠢᠨ ᠠᠵᠢᠯᠯᠠᠭ᠎ᠠ᠂ ᠠᠮᠢ ᠠᠬᠤᠶ ᠶᠢᠨ ᠪᠤᠯᠪᠠᠰᠤᠨ ᠤ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠦᠳᠡᠭᠡ ᠨᠤᠲᠤᠭ ᠤᠨ ᠰᠤᠷᠲᠠᠯ ᠪᠣᠯᠪᠠᠰᠤᠨ ᠵᠡᠷᠭᠡ ᠠᠵᠢᠯ ᠲᠠᠢ ᠤᠶᠠᠯᠳᠤᠭᠤᠯᠤᠨ ᠦᠦᠰᠢᠨ ᠤ ᠣᠨᠴᠠᠯᠢᠭ ᠪᠦᠬᠦᠢ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠭᠢᠯᠠᠰ ᠴᠡᠭ ᠪᠠ ᠨᠡᠷᠡᠲᠦ ᠲᠡᠮᠳᠡᠭ ᠢ ᠡᠭᠦᠳᠴᠦ ᠮᠠᠨ ᠤ ᠬᠤᠰᠢᠭᠤᠨ ᠤ ᠨᠥᠯᠥᠭᠡᠯᠡᠬᠦ ᠬᠦᠴᠦᠨ ᠪᠠ ᠨᠡᠷ᠎ᠡ ᠠᠯᠳᠠᠷᠰᠢᠯ ᠢ ᠲᠠᠰᠤᠷᠠᠯᠲᠠ ᠦᠭᠡᠢ ᠲᠡᠭᠡᠭᠰᠢᠯᠠᠭᠦᠯᠭᠦ ᠭᠡᠷᠡᠭᠳᠠᠢ᠃ ᠪᠤᠳᠠᠳᠠᠢ ᠶᠢ ᠡᠷᠬᠢᠮᠯᠡᠬᠦ ᠠᠵᠢᠯ ᠤᠨ ᠰᠤᠷᠲᠠᠯ ᠢ ᠪᠠᠷᠢᠮᠲᠠᠯᠠᠨ ᠪᠤᠯᠪᠠᠰᠤᠨ ᠬᠤᠲᠠ ᠶᠢ ᠡᠭᠦᠳᠤᠨ ᠪᠠᠶᠢᠭᠤᠯᠬᠤ ᠠᠵᠢᠯ ᠤᠨ ᠪᠣᠯᠪᠠᠰᠤᠷᠠᠯ ᠢ ᠴᠢᠩᠭᠠᠳᠬᠠᠨ ᠰᠢᠯᠭᠠᠨ ᠲᠣᠭᠲᠠᠭᠠᠬᠤ ᠭᠦᠢᠴᠡᠳᠬᠡᠬᠦ ᠲᠤᠭ᠎ᠠ ᠶᠢ ᠭᠦᠨᠵᠡᠭᠡᠶ ᠰᠤᠳᠤᠯᠵᠤ ᠪᠤᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠪᠣᠳᠠᠲᠤ ᠦᠷ᠎ᠡ ᠪᠦᠲᠦᠮᠵᠢ ᠪᠠᠷ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠭᠢᠭᠤᠯᠬᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ ᠳᠤ ᠨᠠᠩ ᠶᠡᠭᠡ ᠬᠤᠪᠢ ᠨᠡᠮᠡᠷᠢ ᠥᠵᠡᠭᠦᠯᠭᠦ ᠭᠡᠷᠡᠭᠳᠠᠢ ᠭᠡᠵᠡᠢ᠃
     ᠲᠤᠬᠠᠶ ᠶᠢᠨ ᠲᠠᠯᠠᠪᠠᠶ ᠳᠤ ᠪᠠᠰᠠ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠺᠠᠳ᠋ᠷ ᠬᠤᠤ ᠵᠢᠶ ᠵᠦᠩ ᠤᠨ ᠦᠤᠰᠢᠨ ᠬᠤᠰᠢᠭᠤᠨ ᠤ ᠬᠤᠪᠢᠰᠬᠠᠯ ᠤᠨ ᠰᠣᠶᠣᠯ ᠢᠶᠠᠷ ᠰᠡᠳᠦᠪᠯᠡᠭᠰᠡᠨ ᠨᠠᠮ ᠤᠨ ᠬᠢᠴᠢᠶᠡᠯ ᠢ ᠰᠤᠨᠤᠰᠴᠤ ᠪᠠᠳᠤ  ᠶᠢᠨ ᠲᠤᠬᠤᠢ ᠶᠢᠨ ᠬᠠᠭᠤᠴᠢᠨ ᠪᠠᠭᠤᠷᠢ ᠶᠢ ᠲᠣᠭᠤᠷᠢᠨ ᠦᠵᠡᠪᠡ᠃      ᠠᠵᠢᠯᠯᠠᠭᠠᠨ ᠤ ᠬᠤᠭᠤᠴᠠᠭᠠᠨ ᠳᠤ ᠣᠯᠠᠨ ᠢᠶᠠᠷ ᠢᠶᠠᠨ ᠰᠢᠷᠬᠤᠰᠤᠨ ᠪᠠᠯᠭᠠᠰᠤᠨ ᠤ ᠦᠨᠳᠦᠰᠦᠨ ᠪᠠᠶᠢᠳᠠᠯ᠂ ᠨᠠᠮ ᠤᠨ ᠪᠠᠶᠢᠭᠤᠯᠤᠯᠲᠠ ᠶᠢᠨ ᠠᠵᠢᠯ᠂ ᠠᠵᠤ ᠥᠢᠯᠡᠰ ᠤᠨ ᠬᠥᠭᠵᠢᠯᠲᠡ᠂ ᠣᠲᠣ ᠦᠶ᠎ᠡ ᠶᠢᠨ ᠲᠠᠷᠢᠶᠠᠯᠠᠩ ᠤᠨ ᠠᠵᠤ  ᠥᠢᠯᠡᠰ ᠤᠨ ᠬᠤᠯᠪᠣᠭᠠᠲᠤ ᠴᠣᠭᠴᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠥᠢᠯᠡᠳᠤᠯᠭᠡᠵᠢᠬᠦᠯᠬᠡ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠨᠦᠬᠡᠨ ᠬᠡᠷ᠂ ᠶᠡᠭᠡ ᠰᠢᠶᠠ ᠤᠯᠤᠰ ᠤᠨ ᠾᠦᠩᠨᠦ ᠰᠣᠶᠣᠯ ᠤᠨ ᠮᠦᠽᠧᠶ ᠶᠢᠨ ᠡᠵᠡᠩᠨᠡᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号