6 ᠳ᠋ᠤᠭᠠᠷ ᠰᠠᠷ᠎ᠠ ᠶᠢᠨ 30 ᠤ ᠡᠳᠦᠷ᠂ ᠮᠠᠨ ᠤ ᠬᠤᠰᠢᠭᠤ ᠥᠪᠡᠷᠲᠡᠭᠡᠨ ᠵᠠᠰᠠᠬᠤ ᠣᠷᠣᠨ ᠤ ︽ᠲᠠᠯᠪᠢᠬᠤ | ᠬᠠᠮᠢᠶᠠᠷᠬᠤ ᠥᠢᠯᠡᠴᠢᠯᠠᠭᠦ︾ ᠥᠭᠡᠷᠡᠴᠢᠯᠡᠯᠲᠡ ᠶᠢᠨ ᠲᠤᠰᠬᠠᠶ ᠱᠠᠭᠠᠷᠳᠠᠨ ᠪᠠᠶᠢᠴᠠᠭᠠᠯᠳᠠ ᠳᠤ ᠬᠠᠷᠢᠭᠤ ᠮᠡᠳᠡᠬᠦᠯᠬᠦ | ᠬᠤᠷᠠᠯ ᠢ ᠬᠤᠷᠠᠯᠳᠣᠭᠤᠯᠣᠭᠰᠠ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ | ᠲᠤᠭᠤᠶᠢᠯᠠᠩ ᠤᠨ ᠪᠦᠷᠢᠯᠳᠦᠬᠦᠨ ᠬᠡᠰᠢᠬᠦᠨ᠂ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠲᠣᠪᠴᠢᠶᠠᠨ ᠤ ᠳᠠᠷᠤᠭ᠎ᠠ | ᠪᠦᠦ ᠵᠢᠶᠠᠨ ᠵᠥᠩ ᠪᠤᠯᠤᠨ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠳᠠᠷᠤᠭ᠎ᠠ ᠵᠠᠩ ᡁᠢ ᠰᠢᠦ᠋ᠩ ᠵᠢᠴᠢ | ᠬᠤᠰᠢᠭᠤ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠤᠪᠴᠢᠶ᠎ᠠ᠂ ᠭᠥᠭᠵᠢᠭᠦᠯᠥᠯᠳᠠ ᠥᠭᠡᠷᠡᠴᠢᠯᠡᠯᠲᠡ ᠶᠢᠨ | ᠵᠥᠪᠯᠠᠯ᠂ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠳᠣᠪᠴᠢᠶ᠎ᠠ᠂ ᠣᠷᠣᠨ ᠰᠠᠭᠤᠴᠠ ᠪᠦᠲᠦᠭᠡᠨ ᠪᠠᠶᠢᠭᠤᠯᠤᠯᠲᠠ ᠶᠢᠨ ᠳᠣᠪᠴᠢᠶ᠎ᠠ᠂ ᠬᠠᠤᠯᠢ ᠴᠠᠭᠠᠵᠠ ᠤᠨ ᠳᠣᠪᠴᠢᠶ᠎ᠠ | ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠ ᠡᠯ᠎ᠡ ᠰᠤᠮᠤ ᠪᠠᠯᠭᠠᠰᠤᠨ ᠤ ᠭᠤᠣᠯ ᠬᠠᠷᠢᠭᠤᠴᠠᠯᠭᠠᠲᠠᠨ | ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠵᠣᠣ ᠹᠸᠢ ᠯᠦ ᠠᠴᠠ ᠪᠥᠬᠦ ᠬᠤᠰᠢᠭᠤᠨ ᠤ ︽ᠲᠠᠯᠪᠢᠬᠤ ᠬᠠᠮᠢᠶᠠᠷᠬᠤ ᠥᠢᠯᠡᠴᠢᠯᠠᠭᠦ︾ | ᠥᠭᠡᠷᠡᠴᠢᠯᠠᠯᠳᠠ ᠶᠢ ᠭᠦᠨᠵᠡᠭᠡᠶᠢᠷᠡᠭᠦᠯᠬᠦ ᠠᠵᠢᠯ ᠢ ᠬᠠᠷᠢᠭᠤ ᠮᠡᠳᠡᠭᠦᠯᠪᠡ᠃ ᠥᠪᠡᠷᠲᠡᠭᠡᠨ ᠵᠠᠰᠠᠬᠤ ᠣᠷᠣᠨ ᠤ | ᠱᠠᠭᠠᠷᠳᠠᠨ ᠪᠠᠶᠢᠴᠠᠭᠠᠯᠳᠠ ᠶᠢᠨ ᠳᠤᠭᠤᠶᠢᠯᠠᠩ ᠤᠨ ᠬᠢᠨ ᠬᠤᠯᠪᠣᠭᠳᠠᠯ ᠪᠥᠬᠦᠶ ᠠᠵᠢᠯ ᠤᠨ ᠲᠤᠬᠠᠶ ᠬᠠᠮᠢᠶ᠎ᠠ ᠪᠥᠬᠦᠶ | ᠰᠠᠯᠠᠭ᠎ᠠ ᠮᠥᠴᠢᠷ ᠲᠠᠢ ᠶᠠᠷᠢᠯᠴᠠᠨ ᠰᠠᠨᠠᠯ ᠢᠶᠠᠨ ᠰᠣᠯᠢᠯᠴᠠᠵᠤ᠂ ᠮᠠᠨ ᠤ ᠬᠤᠰᠢᠭᠤᠨ ᠤ ︽ᠲᠠᠯᠪᠢᠬᠤ ᠬᠠᠮᠢᠶᠠᠷᠬᠤ | ᠥᠢᠯᠡᠴᠢᠯᠠᠭᠦ︾ ᠥᠭᠡᠷᠡᠴᠢᠯᠡᠯᠲᠡ ᠶᠢᠨ ᠠᠵᠢᠯ ᠤᠨ ᠦᠷ᠎ᠡ ᠪᠦᠲᠦᠮᠵᠢ ᠶᠢ ᠬᠦᠢᠴᠡᠳ ᠨᠣᠳᠠᠯᠠᠭᠰᠠᠨ ᠪᠠᠶᠢᠨ᠎ᠠ᠃ | ᠱᠠᠭᠠᠷᠳᠠᠨ ᠪᠠᠶᠢᠴᠠᠭᠠᠯᠳᠠ ᠶᠢᠨ ᠳᠤᠭᠤᠶᠢᠯᠠᠩ ᠠᠴᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ | ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ | ᠬᠤᠪᠢᠷᠠᠭᠤᠯᠤᠯᠲᠠ ᠶᠢ ᠲᠦᠷᠭᠡᠳᠬᠡᠬᠦ ᠬᠡᠷᠡᠭᠲᠡᠢ᠃ ︽ᠲᠠᠯᠪᠢᠬᠤ ᠬᠠᠮᠢᠶᠠᠷᠬᠤ ᠥᠢᠯᠡᠴᠢᠯᠠᠭᠦ︾ ᠥᠭᠡᠷᠡᠴᠢᠯᠡᠯᠲᠡ ᠶᠢᠨ | ᠠᠵᠢᠯ ᠤᠨ ᠳᠤᠮᠳᠠ ᠣᠷᠣᠰᠢᠵᠤ ᠪᠠᠶᠢᠭ᠎ᠠ ᠲᠤᠳᠠᠭᠳᠠᠯ ᠪᠠ ᠪᠠᠭᠤᠷᠠᠶ ᠲᠠᠯ᠎ᠠ ᠳᠤ ᠴᠢᠭᠯᠡᠭᠦᠯᠦᠨ ᠠᠷᠭ᠎ᠠ ᠬᠡᠮᠵᠢᠶ᠎ᠡ ᠪᠠᠨ | ᠨᠠᠷᠢᠯᠢᠭᠵᠢᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ ᠬᠠᠤᠯᠢ ᠲᠣᠭᠲᠠᠭᠠᠯ ᠪᠠ ᠲᠥᠪ᠂ ᠥᠪᠡᠷᠲᠡᠭᠡᠨ ᠵᠠᠰᠠᠬᠤ | ᠣᠷᠣᠨ ᠠᠴᠠ ᠳᠣᠷᠣᠭᠰᠢ ᠪᠠᠭᠤᠯᠭᠠᠭᠰᠠᠨ ᠵᠠᠰᠠᠭ ᠵᠠᠭᠢᠷᠭᠠᠨ ᠤ ᠡᠷᠬᠡ ᠶᠢᠨ ᠵᠥᠢᠯᠡᠰ ᠢ ᠪᠦᠬᠦ ᠲᠠᠯ᠎ᠠ ᠪᠠᠷ ᠡᠮᠬᠢᠯᠡᠨ | ᠴᠡᠭᠴᠡᠯᠡᠵᠣ ᠠᠵᠢᠯ ᠤᠨ ᠦᠷ᠎ᠡ ᠪᠦᠲᠦᠮᠵᠢ ᠶᠢ ᠰᠢᠨᠵᠢᠯᠠᠭᠦ ᠤᠬᠠᠭᠠᠨᠴᠢ ᠪᠠᠷ ᠭᠠᠷᠭᠠᠬᠤ ᠬᠡᠷᠡᠭᠲᠡᠶ ᠭᠡᠵᠤ ᠲᠤᠷᠠᠳᠤᠨ | ᠭᠠᠷᠭᠠᠭᠰᠠᠨ ᠪᠠᠶᠢᠨ᠎ᠠ᠃ | ᠬᠤᠷᠠᠯ ᠠᠴᠠ ᠵᠢᠭᠠᠵᠤ ᠭᠠᠷᠭᠠᠭᠰᠠᠨ ᠨᠢ ᠡᠯ᠎ᠡ ᠬᠠᠮᠢᠶ᠎ᠠ ᠪᠦᠬᠦᠢ ᠰᠤᠮᠤ ᠪᠠᠯᠭᠠᠰᠤ ᠪᠣᠯᠤᠨ ᠰᠠᠯᠠᠭ᠎ᠠ | ᠮᠥᠴᠢᠷ ᠤᠨ ᠬᠢᠨ ᠱᠠᠭᠠᠷᠳᠠᠨ ᠪᠠᠶᠢᠴᠠᠭᠠᠯᠳᠠ ᠶᠢᠨ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠪᠣᠯᠤᠨ | ᠳᠤᠷᠠᠳᠤᠭᠰᠠᠨ ᠰᠠᠨᠠᠯ ᠰᠠᠨᠠᠭᠤᠯᠭ᠎ᠠ ᠳᠤ ᠴᠢᠭᠯᠡᠭᠦᠯᠤᠨ ᠠᠰᠠᠭᠤᠳᠠᠯ ᠢ ᠳᠠᠷᠠᠭᠠᠯᠠᠨ ᠴᠡᠭᠴᠡᠯᠡᠨ ᠰᠠᠶᠢᠵᠢᠷᠠᠭᠤᠯᠵᠤ | ᠠᠵᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ᠂ ᠦᠷ᠎ᠡ ᠪᠦᠲᠦᠮᠵᠢ ᠶᠢ ᠪᠣᠳᠠᠲᠠᠶᠢᠵᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠶ᠃ ᠡᠨᠡ ᠤᠳᠠᠭᠠᠨ ᠤ ᠱᠠᠭᠠᠷᠳᠠᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠲᠡᠷᠢᠭᠦᠨ ᠤ ᠭᠠᠵᠠᠷ ᠣᠷᠣᠨ ᠤ | ᠲᠤᠷᠰᠢᠯᠭ᠎ᠠ ᠶᠢ ᠰᠤᠷᠤᠯᠴᠠᠨ ᠯᠠᠪᠯᠠᠯᠲᠠ ᠪᠣᠯᠭᠠᠵᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ | ᠡᠷᠴᠢᠮ ᠢ ᠦᠷᠭᠦᠯᠵᠢᠯᠡᠨ ᠴᠢᠩᠭᠠᠷᠠᠭᠤᠯᠵᠤ ᠡᠯ᠎ᠡ ᠲᠥᠷᠤᠯ ᠤᠨ ᠥᠭᠡᠷᠡᠴᠢᠯᠡᠯᠲᠡ ᠶᠢᠨ ᠠᠵᠢᠯ ᠢ ᠨᠡᠶᠢᠳᠠᠪᠣᠷᠢᠵᠢᠭᠤᠯᠣᠨ | ᠥᠷᠭᠡᠨ ᠤᠯᠠᠨ ᠲᠦᠮᠡᠨ ᠪᠠ ᠠᠵᠤ ᠠᠬᠤᠶᠢᠯᠠᠯ ᠳᠤ ᠴᠢᠨᠠᠷ ᠰᠠᠶᠢᠲᠠᠶ ᠥᠢᠯᠡᠴᠢᠯᠡᠭᠡ ᠬᠠᠩᠭᠠᠬᠤ ᠭᠡᠷᠡᠭᠳᠠᠢ ᠭᠡᠵᠡᠢ᠃ |