ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ ︵ᠲᠦᠷ ᠴᠠᠭ ᠲᠤᠰᠢᠶᠠᠯ ᠡᠬᠦᠷᠬᠡᠯᠡᠬᠦ︶ : ᠯᠢᠨ ᠶᠦᠩ ᠭᠠᠩ
ᠨᠡᠶᠢᠲᠡᠯᠡᠭᠰᠡᠨ ᠴᠠᠭ᠄
2020-07-03
     ᠲᠤᠰᠢᠶᠠᠯ᠄ ᠦᠦᠰᠢᠨ ᠬᠤᠰᠢᠭᠤᠨ ᠤ ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ ︵ᠲᠦᠷ ᠴᠠᠭ ᠲᠤᠰᠢᠶᠠᠯ ᠡᠬᠦᠷᠬᠡᠯᠡᠬᠦ︶      ᠠᠵᠢᠯ ᠤᠨ ᠬᠤᠪᠢᠶᠠᠷᠢᠯᠠᠯ᠄ ᠬᠤᠰᠢᠭᠤ ᠳᠡᠳ᠋ ᠳᠠᠷᠤᠭ᠎ᠠ ᠪᠠᠶᠠᠨᠴᠡᠩᠬᠡᠯ ᠤᠨ ᠠᠵᠢᠯ ᠢ ᠬᠠᠪᠰᠤᠷᠴᠤ᠂ ᠶᠠᠳᠠᠭᠤ  ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠢ ᠴᠢᠬᠤᠯᠠᠴᠢᠯᠠᠨ ᠠᠳᠬᠤᠨ᠎ᠠ᠃      ᠲᠣᠪᠴᠢ ᠨᠠᠮᠲᠠᠷ᠄ ᠯᠢᠨ ᠶᠦᠩ ᠭᠠᠩ᠂ ᠡᠷᠡᠭᠲᠡᠶ᠂ ᠮᠣᠩᠭᠤᠯ ᠦᠨᠳᠦᠰᠦᠲᠡᠨ᠂ 1975 ᠣᠨ ᠤ 5 ᠰᠠᠷ᠎ᠠ ᠳᠤ ᠲᠦᠷᠦᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠥᠪᠥᠷ ᠮᠣᠩᠭᠤᠯ ᠤᠨ ᠳᠠᠯᠠᠳ ᠬᠤᠰᠢᠭᠤᠨ ᠳᠤ ᠨᠤᠲᠤᠭ ᠲᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 1994 ᠣᠨ ᠤ 12 ᠰᠠᠷ᠎ᠠ ᠳᠤ ᠡᠬᠢᠯᠡᠨ ᠠᠵᠢᠯᠯᠠᠵᠤ᠂ 2003 ᠣᠨ ᠤ 9 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ ᠣᠳᠣ ᠣᠷᠳᠣᠰ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶᠠᠨ ᠤ ᠳᠠᠷᠤᠭ᠎ᠠ ᠶᠢᠨ ᠲᠤᠰᠢᠶᠠᠯ ᠢ ᠡᠬᠦᠷᠬᠡᠯᠡᠵᠤ᠂ ᠦᠦᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠢᠶᠠᠷ ᠲᠦᠷ ᠴᠠᠭ ᠲᠤᠰᠢᠶᠠᠯ ᠡᠭᠦᠷᠭᠡᠯᠡᠵᠤ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠪᠠᠷ ᠨᠡᠷ᠎ᠡ ᠳᠤᠷᠠᠳᠤᠭᠳᠠᠪᠠ᠃      ᠠᠵᠢᠯ ᠤᠨ ᠳᠣᠪᠴᠢ ᠨᠠᠮᠳᠠᠷ᠄      1994.12 — 1995.05 ᠥᠪᠥᠷ ᠮᠣᠩᠭᠤᠯ ᠤᠨ ᠡᠵᠡᠨ ᠬᠤᠷᠤᠭ᠎ᠠ ᠬᠤᠰᠢᠭᠤᠨ ᠤ ᠰᠢᠨᠡᠰᠦ᠋ᠮ᠎ᠡ ᠰᠢᠶᠠᠩ ᠤᠨ ᠵᠠᠰᠠᠭ ᠤᠨ ᠤᠷᠳᠤᠨ ᠳᠤ ᠠᠵᠢᠯᠯᠠᠵᠤ ᠪᠠᠶᠢᠪᠠ︔      1995.05 — 2004.03 ᠥᠪᠥᠷ ᠮᠣᠩᠭᠤᠯ ᠤᠨ ᠡᠵᠡᠨ ᠬᠤᠷᠤᠭ᠎ᠠ ᠬᠤᠰᠢᠭᠤᠨ ᠤ ᠠᠭᠤᠷᠬᠠᠶ ᠶᠢᠨ ᠣᠷᠣᠨ ᠤ ᠭᠠᠵᠠᠷ ᠰᠢᠷᠣᠶ ᠶᠢᠨ ᠲᠣᠪᠴᠢᠶ᠎ᠠ ︵ᠡᠨᠡ ᠬᠤᠭᠤᠴᠠᠭᠠᠨ ᠳᠤ 1993.09 — 1997.07 ᠥᠪᠥᠷ ᠮᠣᠩᠭᠤᠯ ᠤᠨ ᠷᠠᠳᠢᠣ᠋ ᠲᠧᠯᠧᠢᠰ ᠤᠨ ᠶᠡᠭᠡ ᠰᠤᠷᠭᠠᠭᠤᠯᠢ ᠶᠢᠨ ᠤᠷᠠᠨ ᠪᠢᠴᠢᠯᠭᠡ ᠶᠢᠨ ᠲᠤᠰᠬᠠᠶ ᠮᠡᠷᠭᠡᠵᠢᠯ ᠳᠤ ᠰᠤᠷᠤᠯᠴᠠᠵᠤ᠂ 1998.09 — 2002.07 ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠢᠷᠣᠢ ᠮᠣᠳᠣᠨ ᠤ ᠢᠨᠵᠧᠨᠧᠷᠢᠩ ᠤᠨ ᠲᠤᠰᠬᠠᠢ ᠮᠡᠷᠭᠡᠵᠢᠯ ᠳᠤ ᠰᠤᠷᠤᠯᠴᠠᠪᠠ︶ ᠳᠤ ᠠᠵᠢᠯᠯᠠᠵᠤ ᠪᠠᠶᠢᠪᠠ︔       2004.03 — 2005.04 ᠥᠪᠥᠷ ᠮᠣᠩᠭᠤᠯ ᠤᠨ ᠡᠵᠡᠨ ᠬᠤᠷᠤᠭ᠎ᠠ ᠬᠤᠰᠢᠭᠤᠨ ᠤ ᠪᠥᠲᠥᠭᠡᠨ ᠪᠠᠶᠢᠭᠤᠯᠤᠯᠲᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠲᠥᠯᠥᠪᠵᠢᠭᠦᠯᠭᠡ ᠶᠢᠨ ᠠᠯᠪᠠᠨ ᠬᠡᠷ ᠤᠨ ᠳᠡᠳ᠋ ᠡᠷᠬᠢᠯᠡᠭᠴᠢ ︵ᠳᠡᠳ᠋ ᠰᠠᠯᠠᠭᠠᠨ ᠲᠠᠰ︶ ᠶᠢᠨ ᠲᠤᠰᠢᠶᠠᠯ ᠢ ᠡᠬᠦᠷᠭᠡᠯᠡᠵᠤ ᠪᠠᠶᠢᠪᠠ  ︔       2005.04 — 2005.11 ᠥᠪᠥᠷ ᠮᠣᠩᠭᠤᠯ ᠤᠨ ᠡᠵᠡᠨ ᠬᠤᠷᠤᠭ᠎ᠠ ᠬᠤᠰᠢᠭᠤᠨ ᠤ ᠬᠤᠷᠤᠭ᠎ᠠ ᠰᠤᠮᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠲᠤᠰᠢᠶᠠᠯ ᠢ ᠡᠬᠦᠷᠭᠡᠯᠡᠵᠤ ᠪᠠᠶᠢᠪᠠ︔       2005.11 — 2008.08 ᠥᠪᠥᠷ ᠮᠣᠩᠭᠤᠯ ᠤᠨ ᠡᠵᠡᠨ ᠬᠤᠷᠤᠭ᠎ᠠ ᠬᠤᠰᠢᠭᠤᠨ ᠤ ᠬᠤᠲᠠ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡᠨ ᠤ ᠠᠯᠪᠠᠨ ᠬᠡᠷ ᠤᠨ ᠳᠡᠳ᠋ ᠡᠷᠬᠢᠯᠡᠭᠴᠢ ︵ᠵᠢᠩᠬᠢᠨᠢ ᠰᠠᠯᠠᠭᠠᠨ ᠲᠠᠰ︶ ᠲᠤᠰᠢᠶᠠᠯ ᠢ ᠡᠬᠦᠷᠭᠡᠯᠡᠵᠤ ᠪᠠᠶᠢᠪᠠ︔       2008.08 — 2011.12 ᠥᠪᠥᠷ ᠮᠣᠩᠭᠤᠯ ᠤᠨ ᠡᠵᠡᠨ ᠬᠤᠷᠤᠭ᠎ᠠ ᠬᠤᠰᠢᠭᠤᠨ ᠤ ᠲᠥᠯᠥᠪᠵᠢᠭᠦᠯᠭᠡ ᠶᠢᠨ ᠲᠣᠪᠴᠢᠶᠠᠨ ᠤ ᠳᠠᠷᠤᠭ᠎ᠠ ᠶᠢᠨ ᠲᠤᠰᠢᠶᠠᠯ ᠢ ᠡᠬᠦᠷᠭᠡᠯᠡᠵᠤ ᠪᠠᠶᠢᠪᠠ︔       2011.12 — 2015.12 ᠥᠪᠥᠷ ᠮᠣᠩᠭᠤᠯ ᠤᠨ ᠡᠵᠡᠨ ᠬᠤᠷᠤᠭ᠎ᠠ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠶᠢᠨ ᠲᠤᠰᠢᠶᠠᠯ ᠢ ᠡᠬᠦᠷᠭᠡᠯᠡᠵᠤ ᠪᠠᠶᠢᠪᠠ︔       2015.12 — 2016.04 ᠥᠪᠥᠷ ᠮᠣᠩᠭᠤᠯ ᠤᠨ ᠡᠵᠡᠨ ᠬᠤᠷᠤᠭ᠎ᠠ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠢ ᠡᠬᠦᠷᠭᠡᠯᠡᠵᠤ ᠪᠠᠶᠢᠪᠠ︔        2016.04 — 2016.07 ᠥᠪᠥᠷ ᠮᠣᠩᠭᠤᠯ ᠤᠨ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠬᠤᠰᠢᠭᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ ᠪᠠᠶᠢᠪᠠ︔        2016.07 — 2019.03 ᠥᠪᠥᠷ ᠮᠣᠩᠭᠤᠯ ᠤᠨ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠡᠬᠦᠷᠭᠡᠯᠡᠵᠤ ᠪᠠᠶᠢᠪᠠ︔        2019.03 — 2019.10 ᠥᠪᠥᠷ ᠮᠣᠩᠭᠤᠯ ᠤᠨ ᠣᠷᠳᠣᠰ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠶᠢᠨ ᠲᠤᠰᠢᠶᠠᠯ ᠢ ᠡᠬᠦᠷᠭᠡᠯᠡᠵᠤ ᠪᠠᠶᠢᠪᠠ︔        2019.10 — ᠣᠲᠣ ᠪᠣᠯᠲᠠᠯ᠎ᠠ ᠥᠪᠥᠷ ᠮᠣᠩᠭᠤᠯ ᠤᠨ ᠣᠷᠳᠣᠰ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶᠠᠨ ᠤ ᠳᠠᠷᠤᠭ᠎ᠠ ︵2020 ᠣᠨ ᠤ 4 ᠰᠠᠷ᠎ᠠ ᠳᠤ ᠦᠦᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠢᠶᠠᠷ ᠲᠦᠷ ᠴᠠᠭ ᠲᠤᠰᠢᠶᠠᠯ ᠡᠭᠦᠷᠭᠡᠯᠡᠵᠤ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠪᠠᠷ ᠨᠡᠷ᠎ᠡ ᠳᠤᠷᠠᠳᠤᠭᠳᠠᠪᠠ︶ ᠶᠢᠨ ᠲᠤᠰᠢᠶᠠᠯ ᠢ ᠡᠭᠦᠷᠭᠡᠯᠡᠵᠤ ᠪᠤᠢ᠃
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号