2020 ᠣᠨ ᠤ ᠪᠦᠬᠦ ᠬᠤᠳᠠ ᠶᠢᠨ ᠳᠤᠭ᠎ᠠ ᠪᠦᠷᠢᠳᠭᠡᠯ ᠤᠨ ᠦᠨᠳᠦᠰᠦᠨ ᠱᠠᠳᠣᠨ ᠤ ᠰᠠᠭᠤᠷᠢ ᠪᠦᠲᠦᠬᠡᠨ ᠪᠠᠶᠢᠭᠤᠯᠣᠯᠲᠠ ᠶᠢᠨ ᠪᠣᠯᠪᠠᠰᠣᠷᠠᠯ ᠮᠠᠨ ᠤ ᠬᠤᠰᠢᠭᠤᠨ ᠳᠤ ᠶᠠᠪᠣᠭᠳᠠᠪᠠ
ᠨᠡᠶᠢᠲᠡᠯᠡᠭᠰᠡᠨ ᠴᠠᠭ᠄
2020-07-30
     ᠣᠶᠢᠷ᠎ᠠ ᠳᠤ᠂ ᠪᠦᠬᠦ ᠬᠤᠳᠠ ᠶᠢᠨ ᠳᠤᠭ᠎ᠠ ᠪᠦᠷᠢᠳᠭᠡᠯ ᠤᠨ ᠦᠨᠳᠦᠰᠦᠨ ᠱᠠᠳᠣᠨ ᠤ ᠰᠠᠭᠤᠷᠢ ᠪᠦᠲᠦᠬᠡᠨ ᠪᠠᠶᠢᠭᠤᠯᠣᠯᠲᠠ ᠶᠢᠨ ᠪᠣᠯᠪᠠᠰᠣᠷᠠᠯ ᠮᠠᠨ ᠤ ᠬᠤᠰᠢᠭᠤᠨ ᠳᠤ ᠶᠠᠪᠣᠭᠳᠠᠭᠰᠠᠨ ᠪᠠᠶᠢᠨ᠎ᠠ᠃ ᠪᠣᠯᠪᠠᠰᠣᠷᠠᠯ ᠳᠤ ᠬᠤᠳᠠ  ᠶᠢᠨ ᠳᠤᠭ᠎ᠠ ᠪᠦᠷᠢᠳᠭᠡᠯ ᠤᠨ ᠳᠣᠪᠴᠢᠶ᠎ᠠ ᠵᠢᠴᠢ ᠡᠯ᠎ᠡ ᠬᠤᠰᠢᠭᠤ ᠲᠤᠭᠤᠷᠢᠭ ᠤᠨ ᠳᠤᠭ᠎ᠠ ᠪᠦᠷᠢᠳᠭᠡᠯ ᠤᠨ ᠳᠣᠪᠴᠢᠶᠠᠨ ᠤ ᠣᠳᠣᠷᠢᠳᠣᠯᠭ᠎ᠠ᠂ ᠬᠠᠮᠢᠶ᠎ᠠ ᠪᠦᠬᠦᠢ ᠠᠵᠢᠯ ᠢ ᠬᠠᠷᠢᠭᠤᠴᠠᠵᠦ ᠪᠠᠶᠢᠭ᠎ᠠ ᠠᠵᠢᠯᠳᠠᠳ ᠣᠷᠣᠯᠴᠠᠭᠰᠠᠨ ᠪᠠᠶᠢᠨ᠎ᠠ᠃      ᠲᠤᠰ ᠤᠳᠠᠭᠠᠨ ᠤ ᠪᠣᠯᠪᠠᠰᠣᠷᠠᠯ ᠨᠢ ᠣᠨᠣᠯ ᠤᠨ ᠰᠣᠷᠣᠯᠴᠠᠯᠭ᠎ᠠ ᠪᠠ ᠠᠬᠤᠢ ᠳᠠᠯᠠᠪᠣᠷ ᠢ ᠳᠣᠭᠤᠷᠢᠨ ᠦᠵᠡᠬᠦ  ᠶᠢ ᠣᠶᠠᠯᠳᠣᠭᠤᠯᠤᠨ ᠪᠣᠯᠪᠠᠰᠣᠷᠠᠯ ᠳᠤ ᠣᠷᠣᠯᠴᠠᠭᠰᠠᠳ ᠭᠠᠯᠠᠭᠤᠲᠣ ᠪᠠᠯᠭᠠᠰᠣᠨ ᠤ ᠲᠤᠭ᠎ᠠ ᠪᠦᠷᠢᠳᠬᠡᠯ ᠤᠨ ᠦᠷᠳᠡᠭᠡ ᠪᠠ ᠠᠷᠠᠳ ᠤᠨ ᠠᠮᠢᠳᠣᠷᠠᠯ ᠤᠨ ᠦᠵᠡᠬᠦᠯᠦᠯᠬᠡ ᠶᠢᠨ ᠳᠢᠩᠬᠢᠮ ᠢᠶᠠᠷ ᠳᠣᠭᠤᠷᠢᠨ ᠦᠵᠡᠵᠦ ᠳᠣᠷᠰᠢᠯᠭ᠎ᠠ ᠰᠣᠯᠢᠯᠴᠠᠭᠰᠠᠨ ᠪᠠᠶᠢᠨ᠎ᠠ᠃ ᠳᠣᠰ ᠣᠳᠠᠭᠠᠨ ᠤ ᠪᠣᠯᠪᠠᠰᠣᠷᠠᠯ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠣᠭᠳᠠᠵᠦ ᠣᠷᠳᠣᠰ ᠬᠤᠳᠠ ᠶᠢᠨ ᠳᠤᠭ᠎ᠠ ᠪᠦᠷᠢᠳᠭᠡᠯ ᠤᠨ ᠰᠢᠰᠲ᠋ᠧᠮ ᠤᠨ ᠦᠨᠳᠦᠰᠣᠨ ᠱᠠᠳᠣᠨ ᠤ ᠰᠠᠭᠤᠷᠢ ᠪᠦᠲᠦᠬᠡᠨ ᠪᠠᠶᠢᠭᠤᠯᠣᠯᠳᠠ ᠶᠢᠨ ᠠᠵᠢᠯ ᠢ ᠣᠯᠠᠮ ᠨᠢᠬᠡ ᠠᠯᠬᠤᠮ ᠠᠬᠢᠭᠤᠯᠵᠦ ᠡᠯ᠎ᠡ ᠭᠠᠵᠠᠷ ᠤᠨ ᠬᠠᠷᠢᠯᠴᠠᠭ᠎ᠠ ᠶᠠᠪᠣᠯᠴᠠᠭ᠎ᠠ ᠶᠢ ᠨᠢᠭᠳᠠᠷᠠᠭᠤᠯᠣᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号