ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-30
     7 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠭᠢᠷᠢᠨ ᠮᠤᠵᠢ ᠳᠤ ᠰᠢᠨᠵᠢᠯᠡᠨ ᠪᠠᠶᠢᠴᠠᠭᠠᠯᠳᠠ ᠭᠢᠭᠰᠡᠨ ᠵᠣᠷᠢᠭ ᠰᠠᠨᠠᠭ᠎ᠠ ᠪᠣᠯᠤᠨ ᠠᠵᠤ ᠠᠬᠤᠶᠢᠯᠠᠯᠲᠠᠨ ᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠤᠨ ᠬᠥᠬᠡᠬᠤᠲᠠ ᠪᠤᠭᠤᠲᠤ ᠣᠷᠳᠣᠰ ᠭᠤᠷᠪᠠᠨ ᠬᠤᠲᠠ ᠳᠤ ᠪᠠᠶᠢᠴᠠᠭᠠᠨ ᠰᠤᠳᠤᠯᠤᠯᠳᠠ ᠭᠢᠭᠰᠡᠨ ᠵᠢᠭᠠᠪᠤᠷᠢ ᠶᠢᠨ ᠵᠣᠷᠢᠭ ᠰᠠᠨᠠᠭ᠎ᠠ ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ‌‍ᠤ ᠬᠤᠷᠠᠯ ᠤᠨ ᠵᠣᠷᠢᠭ ᠰᠠᠨᠠᠭ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ ᠶᠠᠨ ᠤ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠤᠯᠪᠤᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠥᠭᠦ ᠬᠤᠰᠢᠭᠤᠨ ᠤ ᠠᠵᠤ ᠠᠬᠤᠢ ᠶᠢᠨ ᠡᠷᠭᠢᠯᠳᠠ ᠶᠢᠨ ᠪᠠᠶᠢᠳᠠᠯ ᠢ ᠰᠤᠳᠤᠯᠤᠨ ᠲᠣᠬᠢᠷᠠᠭᠤᠯᠵᠤ ᠳᠣᠤᠷ᠎ᠠ ᠬᠠᠭᠠᠰ ᠵᠢᠯ ᠤᠨ ᠭᠤᠤᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠡᠷᠭᠡ ᠪᠥᠬᠦ ᠬᠤᠰᠢᠭᠤᠨ ᠤ ᠬᠡᠷ ᠲᠡᠭᠡᠨ ᠪᠠᠶᠢᠭ᠎ᠠ ᠬᠤᠰᠢᠭᠤ ᠰᠢᠶᠠᠨ ᠤ ᠲᠠᠰ ᠤᠨ ᠤᠳᠤᠷᠢᠳᠤᠯᠭ᠎ᠠ ᠪᠤᠯᠤᠨ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠰᠢᠭᠤ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠬᠤᠰᠢᠭᠤᠨ ᠳᠠᠬᠢ ᠪᠠᠩᠬᠢ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠬᠤᠰᠢᠭᠤᠨ ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠭᠤᠣᠯ ᠠᠭᠤᠯᠭ᠎ᠠ ᠶᠢ ᠭᠦᠨᠵᠡᠭᠡᠢ ᠡᠵᠡᠮᠳᠡᠵᠦ ᠶᠡᠷᠦᠩᠬᠡᠢ ᠱᠦᠵᠢ‌‍ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ ᠦᠢᠯᠡᠳᠦᠯᠭᠡ ᠪᠠᠨ ᠵᠢᠯᠤᠭᠤᠳᠤᠭᠤᠯᠤᠨ ᠠᠵᠢᠯ ᠢᠶᠠᠨ ᠠᠬᠢᠭᠤᠯᠬᠤ ᠬᠡᠷᠡᠭᠲᠡᠢ᠃ ᠣᠳᠣᠬᠠᠨ ᠤ ᠪᠠᠶᠢᠳᠠᠯ ᠢ ᠰᠡᠷᠭᠡᠭ ᠢᠶᠠᠷ ᠲᠠᠨᠢᠵᠤ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠶᠢᠨ ᠬᠢᠷᠢ ᠪᠦᠲᠦᠮᠵᠢ ᠶᠢ ᠡᠭᠦᠳᠭᠦ ᠭᠡᠷᠡᠭᠳᠠᠢ ᠭᠡᠵᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠴᠢᠬᠤᠯᠠ ᠲᠤᠮᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠪᠡᠯᠡ ᠤᠷᠤᠭᠤᠯᠤᠯᠳᠠ ᠶᠢ ᠬᠦᠴᠦᠲᠡᠶ ᠠᠳᠬᠤᠬᠤ ᠳᠤᠮᠳᠠᠬᠢ ᠲᠥᠷᠥᠯ ᠵᠥᠢᠯ ᠤᠨ ᠵᠠᠩᠭᠢᠯᠠᠭ᠎ᠠ ᠶᠢᠨ ᠥᠢᠯᠡᠳᠤᠯ ᠢ ᠭᠥᠢᠴᠡᠳ ᠪᠠᠳᠠᠷᠠᠭᠤᠯᠵᠤ ᠰᠢᠨ᠎ᠡ ᠪᠠᠷ ᠨᠡᠮᠡᠭᠳᠡᠭᠰᠡᠨ ᠲᠥᠷᠥᠯ ᠵᠥᠢᠯ ᠠᠵᠢᠯ ᠡᠬᠢᠯᠡᠭᠦᠯᠬᠦ ᠡᠷᠴᠢᠮ ᠢᠶᠠᠨ ᠨᠡᠮᠡᠭᠳᠡᠭᠦᠯᠤᠨ ᠨᠢᠭᠡᠨᠲᠡ ᠪᠠᠶᠢᠭᠤᠯᠤᠭᠰᠠᠨ ᠲᠥᠷᠥᠯ ᠵᠦᠢᠯ ᠠᠯᠢ ᠲᠦᠷᠭᠡᠨ ᠦᠷ᠎ᠡ ᠪᠦᠲᠦᠮᠵᠢ ᠡᠭᠦᠳᠴᠤ ᠲᠥᠷᠥ ᠶᠢᠨ ᠪᠣᠳᠣᠯᠭ᠎ᠠ ᠶᠢᠨ ᠲᠣᠬᠢᠶᠠᠯ ᠢ ᠠᠮᠵᠢᠵᠤ ᠡᠯ᠎ᠡ ᠲᠥᠷᠥᠯ ᠤᠨ ᠲᠤᠰᠬᠠᠶ ᠲᠥᠷᠤᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠢᠳᠡᠪᠬᠢᠲᠡᠶ ᠲᠡᠮᠡᠴᠡᠨ ᠤᠯᠵᠤ ᠠᠵᠤ ᠦᠢᠯᠡᠰ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠦᠴᠦᠯᠡᠴᠡ ᠪᠠᠨ ᠦᠷᠭᠦᠯᠵᠢᠯᠡᠨ ᠴᠢᠩᠭᠠᠳᠬᠠᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠬᠦ ᠭᠡᠷᠡᠭᠳᠠᠢ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠶᠢ ᠨᠠᠩ ᠳᠤᠪᠤᠶᠢᠮ᠎ᠠ ᠪᠠᠶᠢᠷᠢᠨ ᠳᠤ ᠲᠠᠯᠪᠢᠵᠤ ᠠᠵᠤ ᠠᠬᠤᠶᠢᠯᠠᠯ ᠤᠨ ᠥᠢᠯᠡᠳᠪᠤᠷᠢᠯᠠᠯ ᠢ ᠰᠡᠷᠭᠦᠭᠡᠬᠦ᠂ ᠭᠠᠶᠢᠯᠢ ᠠᠴᠠ ᠬᠥᠩᠭᠡᠯᠡᠵᠦ ᠰᠥᠢᠳᠭᠡᠯ ᠪᠠᠭᠤᠷᠠᠭᠤᠯᠬᠤ ᠵᠡᠷᠭᠡ ᠡᠯ᠎ᠡ ᠲᠥᠷᠤᠯ ᠤᠨ ᠲᠡᠳᠬᠦᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠠᠵᠤ ᠠᠬᠤᠶᠢᠯᠠᠯ ᠤᠨ ᠥᠢᠯᠡᠳᠪᠤᠷᠢᠯᠠᠯ ᠢ ᠪᠠᠲᠤᠯᠠᠨ ᠲᠥᠷᠥᠯ ᠵᠥᠢᠯ ᠢ ᠪᠠᠲᠤᠯᠠᠵᠤ ᠡᠵᠡᠩᠨᠡᠯᠲᠡ ᠶᠢ ᠪᠠᠳᠤᠯᠠᠬᠤ ᠳᠤᠨᠢ ᠬᠠᠪᠰᠤᠷᠬᠤ ᠭᠡᠷᠡᠭᠳᠠᠢ᠃ ᠬᠤᠳᠠᠯᠳᠤᠭ᠎ᠠ ᠡᠵᠡᠩᠨᠡᠬᠦ ᠣᠷᠴᠢᠨ ᠢ ᠦᠷᠭᠦᠯᠵᠢᠯᠡᠨ ᠰᠢᠯᠢᠳᠡᠭᠵᠢᠭᠦᠯᠵᠦ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠭᠢᠭᠤᠯᠤᠨ ᠥᠢᠯᠡᠴᠢᠯᠡᠭᠡᠨ ᠤ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ ᠠᠵᠤ ᠠᠬᠤᠶᠢᠯᠠᠯ ᠤᠨ ᠬᠥᠭᠵᠢᠯᠲᠡ ᠳᠤ ᠥᠢᠯᠡᠴᠢᠯᠡᠭᠡᠨ ᠤ ᠪᠠᠲᠤᠯᠠᠭ᠎ᠠ ᠬᠠᠩᠭᠠᠬᠤ ᠭᠡᠷᠡᠭᠳᠠᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠪᠠ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠰᠠᠶᠢᠲᠤᠷ ᠬᠢᠵᠦ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ ᠠᠶᠤᠯᠭᠦᠶ ᠥᠢᠯᠡᠳᠪᠤᠷᠢᠯᠠᠯ᠂ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠪᠠ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠵᠢᠯ ᠢ ᠰᠠᠶᠢᠲᠤᠷ ᠠᠳᠬᠤᠵᠤ ᠲᠣᠭᠤᠷᠢᠨ ᠪᠠᠶᠢᠴᠠᠭᠠᠯᠳᠠ  ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠨᠡᠭᠦᠷᠡᠰᠦᠨ ᠤ ᠡᠭᠢ ᠪᠠᠶᠠᠯᠢᠭ ᠤᠨ ᠭᠥᠷᠢᠶᠠᠨ ᠤ ᠲᠤᠰᠬᠠᠶ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠲᠠᠭᠠᠬᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠦᠶᠡᠷ ᠭᠠᠮᠰᠢᠭ ᠢ ᠰᠠᠷᠭᠡᠶᠢᠯᠠᠭᠦ ᠪᠠ ᠨᠠᠮ ᠤᠨ ᠪᠠᠶᠢᠭᠤᠯᠤᠯᠲᠠ ᠵᠡᠷᠭᠡ ᠡᠯ᠎ᠡ ᠬᠦᠷᠢᠶᠡᠨ ᠤ ᠭᠤᠤᠯᠳᠠᠯᠭ᠎ᠠ ᠲᠠᠢ ᠠᠵᠢᠯ ᠢ ᠰᠠᠶᠢᠲᠤᠷ ᠠᠳᠬᠤᠨ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠠᠶᠠᠯᠠᠭᠦᠯᠭᠦ ᠶᠢᠨ ᠲᠥᠯᠥᠭᠡ ᠴᠢᠷᠮᠠᠶᠢᠨ ᠲᠠᠮᠠᠴᠠᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号