ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠬᠤ ᠳᠤ ᠪᠠᠨ ᠬᠤᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠬᠠᠲᠠᠭᠤ ᠳᠠᠶᠢᠯᠠᠯᠲᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠲᠡᠢ ᠭᠡᠵᠤ ᠴᠢᠬᠤᠯᠠᠴᠢᠯᠠᠪᠠ
ᠨᠡᠶᠢᠲᠡᠯᠡᠭᠰᠡᠨ ᠴᠠᠭ᠄
2020-07-30
     7 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠬᠤ ᠳᠤ ᠪᠠᠨ ᠭᠤᠤᠯᠳᠠᠯᠭ᠎ᠠ ᠶᠢ ᠠᠳᠬᠤᠵᠦ ᠲᠤᠲᠠᠭᠲᠠᠯ ᠢ ᠨᠦᠬᠦᠪᠦᠷᠢᠯᠡᠨ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ ᠬᠤᠲᠠ ᠶᠢᠨ ᠶᠠᠰᠦ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠤᠨ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠬᠠᠲᠠᠭᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠲᠡᠢ ᠭᠡᠵᠤ ᠴᠢᠬᠤᠯᠠᠴᠢᠯᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ ᠤᠬᠠᠭᠤᠯᠬᠤ ᠭᠡᠯᠲᠡᠰ ᠤᠨ ᠳᠠᠷᠤᠭ᠎ᠠ ᠹᠧᠩ ᡁᠢ ᠮᠢᠩ ᠵᠢᠴᠢ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠡ᠂ ᠬᠠᠤᠯᠢ ᠭᠡᠷᠡᠭᠵᠢᠭᠦᠯᠬᠦ ᠲᠤᠪᠴᠢᠶ᠎ᠡ᠂ ᠭᠠᠯᠠᠭᠤᠲᠤ ᠪᠠᠯᠭᠠᠰᠤ ᠵᠡᠷᠭᠡ ᠬᠠᠮᠢᠶ᠎ᠡ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠡᠷᠳᠡᠨᠢᠪᠢᠯᠢᠭ ᠨᠠᠷ ᠬᠤᠢ ᠹᠧᠩ ᠯᠢᠦᠢ ᠶᠤᠸᠠᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠰᠣᠪᠣᠷᠭ᠎ᠠ ᠵᠡᠭᠡᠯᠢ ᠵᠡᠷᠭᠡ ᠭᠠᠵᠠᠷ ᠢᠶᠠᠷ ᠪᠠᠶᠢᠴᠠᠭᠠᠨ ᠰᠤᠳᠤᠯᠤᠯᠲᠠ ᠬᠢᠵᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠵᠢᠴᠢ ᠵᠠᠮ ᠬᠠᠷᠢᠯᠴᠠᠭᠠᠨ ᠤ ᠡᠮᠬᠢ ᠲᠢᠭᠯᠢᠮ ᠤᠨ ᠬᠠᠮᠢᠶᠠᠷᠦᠯᠲᠠ ᠵᠡᠷᠭᠡ ᠠᠵᠢᠯ ᠢ ᠨᠠᠷᠢᠨ ᠪᠠᠶᠢᠴᠠᠭᠠᠨ ᠦᠵᠡᠵᠤ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠬᠢᠨᠠᠮᠠᠭᠠᠢ ᠰᠣᠨᠣᠰᠣᠨ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠲᠤᠬᠠᠢ ᠶᠢᠨ ᠲᠠᠯᠠᠪᠠᠢ ᠳᠤ ᠰᠤᠳᠤᠯᠤᠨ ᠰᠢᠢᠳᠪᠦᠷᠢᠯᠡᠪᠡ᠃
                 ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠪᠤᠯᠪᠠᠰᠤᠨ ᠬᠤᠲᠠ ᠶᠢ ᠡᠭᠦᠳᠤᠨ ᠪᠠᠶᠢᠭᠤᠯᠬᠤ ᠶᠢᠨ ᠡᠴᠤᠰ ᠤᠨ ᠵᠣᠷᠢᠯᠭ᠎ᠠ ᠪᠣᠯ ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠤᠶᠢᠯᠡᠳᠤᠯᠭᠡᠵᠢᠭᠦᠯᠵᠤ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠭᠡᠭᠡᠴᠡᠯᠳᠤᠯ ᠢ ᠬᠠᠩᠭᠠᠬᠤ ᠶᠠᠪᠤᠳᠠᠯ ᠪᠤᠯᠤᠨ᠎ᠠ᠃ ᠠᠵᠢᠯ ᠤᠨ ᠶᠠᠪᠤᠴᠠ ᠳᠤᠮᠲᠠ ᠪᠠᠨ ᠠᠷᠠᠳ ᠲᠦᠮᠡᠨ ᠢ ᠳᠡᠭᠡᠳᠤᠯᠡᠬᠦ ᠶᠢ ᠪᠠᠷᠢᠮᠲᠠᠯᠠᠵᠤ ᠣᠯᠠᠨ ᠲᠦᠮᠡᠨ ᠤ ᠬᠠᠯᠠᠮᠵᠢᠯᠠᠵᠤ ᠪᠠᠶᠢᠭ᠎ᠠ ᠦᠨᠳᠤᠰᠤᠨ ᠱᠠᠲᠤᠨ ᠤ ᠬᠡᠷᠡᠭᠴᠡᠭᠡ ᠲᠠᠢ᠂ ᠨᠡᠶᠢᠬᠡᠮ ᠤᠨ ᠠᠩᠬᠠᠷᠤᠯ ᠲᠠᠯᠪᠢᠵᠦ ᠪᠠᠶᠢᠭ᠎ᠠ ᠰᠠᠶᠢᠨ ᠶᠠᠪᠤᠳᠠᠯ ᠪᠣᠲᠠᠲᠣ ᠶᠠᠪᠣᠲᠠᠯ ᠢ ᠢᠯᠡᠬᠦᠬᠡᠨ ᠬᠢᠵᠤ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠠᠪᠤᠴᠠ ᠶᠢ ᠣᠯᠠᠨ ᠲᠦᠮᠡᠨ ᠳᠤ ᠪᠣᠲᠠᠲᠣ ᠠᠵᠢᠯ ᠬᠢᠬᠦ ᠬᠦᠴᠢᠷᠳᠡᠯ ᠢ ᠰᠢᠢᠳᠪᠤᠷᠢᠯᠡᠬᠦ ᠶᠠᠪᠤᠴᠠ ᠪᠣᠯᠭᠠᠬᠤ ᠬᠡᠷᠡᠭᠲᠡᠢ᠃ ᠣᠯᠠᠨ ᠨᠡᠶᠢᠲᠡ ᠶᠢᠨ ᠦᠢᠯᠡᠴᠢᠯᠡᠭᠡ᠂ ᠣᠷᠴᠢᠨ ᠲᠤᠭᠤᠷᠢᠨ ᠤ ᠡᠷᠡᠭᠦᠯ ᠬᠠᠮᠠᠭᠠᠯᠠᠯ᠂ ᠤᠯᠠᠨ ᠨᠡᠶᠢᠲᠠ ᠶᠢᠨ ᠵᠠᠮ ᠬᠠᠷᠢᠯᠴᠠᠭᠠᠨ ᠤ ᠰᠠᠭᠤᠷᠢ ᠲᠦᠬᠦᠭᠡᠷᠦᠮᠵᠢ ᠶᠢᠨ ᠪᠦᠲᠦᠬᠡᠨ ᠪᠠᠶᠢᠭᠤᠯᠤᠯᠲᠠ ᠶᠢ ᠨᠢᠭᠡᠳᠤᠯᠲᠠᠢ ᠲᠦᠯᠦᠪᠯᠡᠨ ᠰᠠᠶᠢᠲᠤᠷ ᠠᠳᠬᠤᠵᠤ ᠠᠷᠠᠳ ᠲᠦᠮᠡᠨ ᠤ ᠵᠣᠯ ᠵᠢᠷᠭᠠᠯ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠣᠷᠴᠢᠨ ᠲᠤᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ ᠡᠪᠳᠡᠷᠡᠭᠰᠡᠨ ᠲᠦᠬᠦᠭᠡᠷᠤᠮᠵᠢ ᠶᠢ ᠴᠠᠭ ᠲᠤᠬᠠᠢ ᠳᠤ ᠨᠢ ᠵᠠᠰᠠᠨ ᠠᠷᠢᠭᠤᠨ ᠴᠡᠪᠡᠷ ᠢ ᠡᠷᠭᠢᠮᠯᠠᠨ ᠬᠤᠲᠠ ᠶᠢᠨ ᠠᠷᠢᠭᠤᠨ ᠴᠡᠪᠡᠷ ᠢ ᠪᠠᠳᠤᠯᠠᠬᠤ ᠬᠡᠷᠡᠭᠲᠡᠢ᠃ ᠤᠷᠲᠤ ᠬᠤᠭᠤᠴᠠᠭᠠᠨ ᠤ ᠪᠦᠲᠤᠮᠵᠢᠲᠠᠢ ᠲᠤᠭᠲᠠᠴᠠ ᠶᠢ ᠪᠦᠷᠢᠨᠰᠢᠭᠦᠯᠦᠨ ᠳᠡᠭᠦᠯᠳᠡᠷᠵᠢᠭᠦᠯᠵᠤ ᠨᠠᠷᠢᠨ ᠲᠦᠯᠤᠪᠵᠢᠭᠦᠯᠭᠡ ᠶᠢ ᠳᠣᠪᠣᠶᠢᠯᠭᠠᠨ ᠨᠠᠷᠢᠨ ᠪᠠᠶᠢᠷᠢᠯᠠᠭᠤᠯᠤᠯᠲᠠ ᠶᠢ ᠴᠢᠩᠭᠠᠳᠬᠠᠵᠤ ᠪᠤᠯᠪᠠᠰᠤᠨ ᠬᠤᠲᠠ ᠶᠢ ᠡᠭᠦᠲᠤᠨ ᠪᠠᠶᠢᠭᠤᠯᠬᠤ ᠡᠭᠦᠷᠭᠡ ᠶᠢ ᠪᠤᠲᠠᠲᠠᠶᠢᠵᠢᠭᠤᠯᠵᠤ ᠰᠠᠶᠢᠨ ᠳᠤᠷ᠎ᠠ ᠶᠢᠨ ᠦᠢᠯᠡᠴᠢᠯᠡᠭᠡ ᠶᠢ ᠪᠠᠶᠢᠩᠭᠤᠵᠢᠭᠤᠯᠬᠤ ᠭᠡᠷᠡᠭᠳᠠᠢ᠃ ᠡᠵᠡᠩᠨᠡᠯᠲᠡ ᠶᠢᠨ ᠡᠮᠬᠢ ᠲᠢᠭᠯᠢᠮ᠂ ᠵᠠᠮ ᠬᠠᠷᠢᠯᠴᠠᠭᠠᠨ ᠤ ᠡᠮᠭᠢ ᠲᠢᠭᠯᠢᠮ᠂ ᠵᠠᠬ᠎ᠠ ᠳᠡᠯᠬᠡᠭᠦᠷ ᠤᠨ ᠬᠠᠮᠢᠶᠠᠷᠤᠯᠲᠠ ᠶᠢᠨ ᠭᠦᠴᠢᠷᠳᠡᠯᠲᠠᠢ ᠠᠰᠠᠭᠤᠳᠠᠯ ᠢ ᠦᠷᠭᠦᠯᠵᠢᠯᠡᠨ ᠵᠠᠰᠠᠨ ᠰᠢᠢᠳᠪᠤᠷᠢᠯᠡᠬᠦ ᠬᠡᠷᠡᠭᠲᠡᠢ ᠭᠡᠵᠡᠢ᠃      ᠡᠷᠳᠡᠨᠢᠪᠢᠯᠢᠭ ᠴᠢᠬᠤᠯᠠᠴᠢᠯᠠᠭᠰᠠᠨ ᠨᠢ᠂ ᠪᠣᠯᠪᠠᠰᠤᠨ ᠬᠤᠲᠠ ᠶᠢ ᠡᠭᠦᠲᠤᠨ ᠪᠠᠶᠢᠭᠤᠯᠬᠤ ᠠᠭᠤᠷ ᠠᠮᠢᠰᠬᠤᠯ ᠢ ᠪᠤᠢ ᠪᠣᠯᠭᠠᠵᠤ ᠣᠷᠴᠢᠨ ᠲᠤᠭᠤᠷᠢᠨ ᠤ ᠠᠷᠢᠭᠤᠨ ᠴᠡᠪᠡᠷ ᠤᠨ ᠴᠡᠭᠴᠡᠯᠡᠨ ᠵᠠᠰᠠᠯᠲᠠ᠂ ᠵᠠᠬ᠎ᠠ ᠳᠡᠯᠭᠡᠭᠦᠷ ᠤᠨ ᠡᠮᠬᠢ ᠲᠢᠭᠯᠢᠮ ᠤᠨ ᠬᠠᠮᠢᠶᠠᠷᠤᠯᠲᠠ ᠵᠡᠷᠭᠡ ᠪᠣᠲᠠᠲᠠᠢ ᠠᠵᠢᠯ ᠤᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠲᠣᠷᠬᠠᠶᠢᠯᠠᠨ ᠡᠯ᠎ᠡ ᠬᠠᠮᠢᠶ᠎ᠡ ᠪᠦᠬᠦᠢ ᠰᠠᠯᠠᠭ᠎ᠠ ᠮᠦᠴᠢᠷ ᠤᠳ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠴᠢᠩᠭ᠎ᠠ ᠵᠢᠷᠤᠮᠯᠠᠵᠤ ᠪᠣᠯᠪᠠᠰᠤᠨ ᠬᠤᠲᠠ ᠶᠢ ᠡᠭᠦᠳᠤᠨ ᠪᠠᠶᠢᠭᠤᠯᠬᠤ ᠡᠯ᠎ᠡ ᠵᠤᠶᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠪᠣᠯᠪᠠᠰᠤᠨ ᠬᠤᠲᠠ ᠶᠢ ᠡᠭᠦᠳᠤᠨ ᠪᠠᠶᠢᠭᠤᠯᠬᠤ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠨᠠᠷᠢᠯᠢᠭ ᠲᠦᠯᠦᠪᠯᠡᠵᠤ ᠨᠡᠶᠢᠬᠡᠮ ᠵᠢᠷᠤᠮ ᠤᠨ ᠭᠤᠤᠯᠯᠠᠭᠴᠢ ᠦᠷᠲᠡᠭ ᠤᠨ ᠦᠵᠡᠯᠲᠡ ᠪᠠ ᠳᠣᠮᠳᠠᠳᠣ ᠶᠢᠨ ᠭᠥᠰᠡᠯ ᠵᠡᠷᠭᠡ ᠤᠯᠠᠨ ᠲᠠᠯ᠎ᠠ ᠶᠢ ᠬᠠᠮᠤᠷᠤᠨ ᠣᠬᠠᠭᠤᠯᠭ᠎ᠠ ᠶᠢᠨ ᠰᠠᠮᠪᠠᠷ᠎ᠠ ᠪᠣᠯᠣᠨ ᠣᠬᠠᠭᠤᠯᠭ᠎ᠠ ᠶᠢᠨ ᠫᠠᠶᠢᠰᠠ ᠶᠢ ᠲᠥᠷᠢᠮᠵᠢᠭᠦᠯᠭᠦ ᠭᠡᠷᠡᠭᠲᠡᠢ᠃ ᠡᠯ᠎ᠡ ᠰᠠᠯᠠᠭ᠎ᠠ ᠮᠦᠴᠢᠷ ᠤᠨ ᠬᠦᠴᠦᠨ ᠢ ᠬᠠᠮᠲᠤᠳᠬᠠᠵᠤ ᠨᠢᠭᠡᠳᠣᠯᠲᠠᠢ ᠲᠦᠯᠤᠪᠯᠡᠬᠦ᠂ ᠵᠤᠬᠢᠴᠠᠭᠤᠯᠬᠤ᠂ ᠬᠠᠮᠵᠢᠯᠴᠠᠬᠤ ᠡᠷᠴᠢᠮ ᠢᠶᠠᠨ ᠴᠢᠩᠭᠠᠳᠬᠠᠨ ᠨᠡᠶᠢᠬᠡᠮ ᠲᠤᠭᠤᠷᠢᠭ ᠤᠨ ᠬᠠᠮᠢᠶᠠᠷᠦᠯᠲᠠ ᠳᠠᠬᠢ ᠬᠦᠴᠢᠷ ᠠᠰᠠᠭᠤᠳᠠᠯ ᠢ ᠪᠤᠳᠠᠲᠠᠢ ᠰᠢᠢᠳᠪᠤᠷᠢᠯᠡᠵᠤ ᠬᠤᠲᠠ ᠶᠢᠨ ᠣᠷᠴᠢᠨ ᠲᠤᠭᠤᠷᠢᠨ ᠪᠠ ᠬᠠᠮᠢᠶᠠᠷᠤᠯᠲᠠ ᠶᠢ ᠰᠢᠯᠢᠳᠡᠭᠵᠢᠭᠦᠯᠬᠦ ᠬᠡᠷᠡᠭᠲᠡᠢ᠃ ᠰᠠᠭᠤᠭ᠎ᠠ ᠭᠠᠵᠠᠷ ᠤᠨ ᠨᠢᠭᠡᠴᠢ᠂ ᠨᠠᠮ ᠤᠨ ᠬᠡᠰᠢᠭᠦᠨ ᠣᠯᠠᠨ ᠲᠦᠮᠡᠨ ᠤ ᠰᠠᠶᠢᠨ ᠳᠤᠷᠠᠴᠣᠳ ᠤᠨ ᠰᠠᠶᠢᠨ ᠳᠤᠷ᠎ᠡ ᠶᠢᠨ ᠦᠢᠯᠡᠴᠢᠯᠡᠭᠡ ᠶᠢ ᠦᠷᠭᠡᠳᠬᠡᠵᠤ ᠬᠤᠲᠠ ᠶᠢᠨ ᠬᠠᠮᠢᠶᠠᠷᠤᠯᠲᠠ ᠵᠢᠴᠢ ᠪᠣᠯᠪᠠᠰᠤᠨ ᠬᠤᠲᠠ ᠶᠢ ᠡᠭᠦᠲᠤᠨ ᠪᠠᠶᠢᠭᠤᠯᠬᠤ ᠠᠵᠢᠯ ᠳᠤ ᠠᠭᠤᠰᠤᠯᠴᠠᠭᠤᠯᠵᠤ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠬᠠᠲᠠᠭᠤ ᠳᠠᠶᠢᠯᠠᠯᠲᠤᠭᠠᠨ ᠤ ᠢᠯᠠᠯᠲᠠ ᠶᠢ ᠡᠷᠡᠰ ᠲᠡᠮᠡᠴᠡᠨ ᠤᠯᠠᠬᠤ ᠭᠡᠷᠡᠭᠳᠠᠢ ᠭᠡᠵᠡᠢ᠃                                                                      
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号