ᠬᠤᠰᠢᠭᠤ ᠠᠷᠠᠳ ᠤᠨ ᠵᠠᠰᠠᠭ ᠤᠨ ᠣᠷᠳᠣᠨ ᠤ 2020 ᠣᠨ ᠤ 10 ᠳ᠋ᠤᠭᠠᠷ ᠪᠠᠶᠢᠩᠭᠤ ᠶᠢᠨ ᠠᠵᠢᠯ  ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-07-30
     7 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠬᠤᠰᠢᠭᠤ ᠠᠷᠠᠳ ᠤᠨ ᠵᠠᠰᠠᠭ ᠤᠨ ᠣᠷᠳᠣᠨ ᠤ 2020 ᠣᠨ ᠤ 10 ᠳ᠋ᠤᠭᠠᠷ ᠤᠳᠠᠭ᠎ᠠ ᠶᠢᠨ ᠪᠠᠶᠢᠩᠭᠤ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠯᠢᠨ ᠶᠦᠩ ᠭᠠᠩ᠂ ᠬᠤᠰᠢᠭᠤ ᠳᠡᠳ᠋ ᠳᠠᠷᠤᠭ᠎ᠠ ᠵᠧᠤ ᠱᠤᠸᠠᠢ᠂ ᠪᠠᠶᠠᠨᠴᠡᠩᠭᠡᠯ ᠪᠤᠯᠤᠨ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠡᠯ᠎ᠡ ᠰᠤᠮᠤ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠮᠠᠨ ᠤ ᠬᠤᠰᠢᠭᠤᠨ ᠤ ᠬᠡᠰᠡᠭ ᠦᠨᠳᠦᠰᠦᠨ ᠨᠤᠲᠤᠭ ᠪᠡᠯᠴᠢᠭᠡᠷ ᠤᠨ ᠢᠯᠭᠠᠨ ᠲᠣᠭᠲᠠᠭᠠᠬᠤ ᠭᠡᠪᠴᠢᠶ᠎ᠠ ᠳᠤ ᠲᠣᠬᠢᠷᠠᠭᠤᠯᠤᠯᠲᠠ ᠬᠢᠬᠦ ᠲᠤᠬᠠᠶ ᠰᠤᠳᠤᠯᠵᠤ ︽ᠦᠤᠰᠢᠨ ᠬᠤᠰᠢᠭᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠤᠪᠢ ᠣᠷᠣᠭᠤᠯᠬᠤ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠵᠢᠯᠣᠭᠤᠳᠬᠤ ᠰᠠᠨᠠᠯ︾᠂ ︽ᠬᠤᠲᠠ ᠶᠢ ᠥᠭᠡᠷᠡᠴᠢᠯᠡᠨ ᠰᠠᠶᠢᠵᠢᠷᠠᠭᠤᠯᠬᠤ ᠬᠡᠷᠡᠭᠵᠢᠭᠦᠯᠬᠦ ᠲᠥᠰᠦᠯ︾ ᠵᠡᠷᠭᠡ ᠬᠡᠷᠡᠭ ᠶᠠᠪᠤᠳᠠᠯ ᠢ ᠬᠢᠨᠠᠨ ᠵᠥᠪᠯᠡᠵᠦ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠦᠨᠳᠦᠰᠦᠨ ᠨᠤᠲᠤᠭ ᠪᠡᠯᠴᠢᠭᠡᠷ ᠢ ᠢᠯᠭᠠᠨ ᠲᠣᠭᠲᠠᠭᠠᠬᠤ ᠪᠣᠯ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠪᠦᠲᠦᠮᠵᠢᠲᠡᠶ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠬᠠᠮᠤᠭ ᠤᠨ ᠰᠠᠭᠤᠷᠢ ᠴᠢᠨᠠᠷᠲᠠᠶ ᠠᠵᠢᠯ ᠪᠣᠯᠤᠨ᠎ᠠ᠃ ᠦᠨᠳᠦᠰᠦᠨ ᠨᠤᠲᠤᠭ ᠪᠡᠯᠴᠢᠭᠡᠷ ᠢ ᠢᠯᠭᠠᠨ ᠲᠣᠭᠲᠠᠭᠠᠬᠤ ᠠᠵᠢᠯ ᠢᠶᠠᠷ ᠲᠠᠮᠵᠢᠨ ᠮᠠᠨ ᠤ ᠬᠤᠰᠢᠭᠤᠨ ᠤ ᠡᠪᠡᠰᠤ ᠪᠡᠯᠴᠢᠭᠡᠷ ᠤᠨ ᠡᠬᠢ ᠪᠠᠶᠠᠯᠢᠭ ᠤᠨ ᠠᠰᠢᠭᠯᠠᠯᠲᠠ ᠪᠠ ᠬᠠᠮᠢᠶᠠᠷᠤᠯᠲᠠ ᠶᠢᠨ ᠣᠳᠣᠬᠢ ᠪᠠᠶᠢᠳᠠᠯ ᠢ ᠨᠠᠷᠢᠨ ᠡᠵᠡᠮᠳᠡᠵᠦ ᠲᠠᠷᠢᠶᠠᠯᠠᠩ ᠮᠠᠯ ᠠᠵᠤ ᠠᠬᠤᠢ ᠶᠢᠨ ᠴᠢᠳᠠᠮᠵᠢᠲᠤ ᠣᠷᠣᠨ ᠢ ᠬᠤᠪᠢᠶᠠᠷᠢᠯᠠᠬᠤ ᠠᠵᠢᠯ ᠢ ᠥᠷᠨᠢᠭᠦᠯᠭᠦ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠳᠠᠯᠭ᠎ᠠ ᠶᠢ ᠲᠣᠭᠲᠠᠭᠠᠬᠤ ᠵᠢᠴᠢ ᠮᠠᠯ ᠠᠵᠤ ᠠᠬᠤᠢ ᠶᠢ ᠭᠥᠭᠵᠢᠭᠦᠯᠭᠦ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠤ ᠪᠣᠯᠤᠨ᠎ᠠ᠃ ᠦᠨᠳᠦᠰᠦᠨ ᠨᠤᠲᠤᠭ ᠪᠡᠯᠴᠢᠭᠡᠷ ᠤᠨ ᠬᠦᠷᠢᠶ᠎ᠡ ᠬᠡᠪᠴᠢᠶ᠎ᠡ ᠳᠤ ᠲᠤᠭᠢᠷᠠᠭᠤᠯᠤᠯᠳᠠ ᠭᠢᠭᠦ ᠪᠣᠯ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠠᠰᠢᠭᠯᠠᠵᠤ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠨ ᠨᠤᠲᠤᠭ ᠪᠡᠯᠴᠢᠭᠡᠷ ᠤᠨ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠪᠠ ᠠᠵᠤ ᠠᠬᠤᠶ ᠨᠡᠶᠢᠭᠡᠮ ᠤᠨ ᠦᠷᠬᠦᠯᠵᠢᠯᠡᠬᠦᠶᠢᠴᠡ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ ᠶᠤᠮ ᠭᠡᠵᠡᠢ  ᠃      ᠬᠤᠷᠠᠯ ᠠᠴᠠ ᠴᠢᠬᠤᠯᠠᠴᠢᠯᠠᠭᠰᠠᠨ ᠨᠢ᠂ ᠦᠨᠳᠦᠰᠦᠨ ᠨᠤᠲᠤᠭ ᠪᠡᠯᠴᠢᠭᠡᠷ ᠤᠨ ᠬᠡᠪᠴᠢᠶ᠎ᠡ ᠳᠤ ᠲᠣᠬᠢᠷᠠᠭᠤᠯᠤᠯᠲᠠ ᠬᠢᠵᠦ ᠢᠯᠭᠠᠨ ᠲᠤᠭᠲᠠᠭᠠᠭᠰᠠᠨ ᠤ ᠳᠠᠷᠠᠭ᠎ᠠ ᠮᠠᠯᠴᠢᠨ ᠲᠠᠷᠢᠶᠠᠴᠢᠨ ᠤ ᠨᠤᠲᠤᠭ ᠪᠡᠯᠴᠢᠭᠡᠷ ᠳᠠᠭᠠᠭᠠᠴᠢᠯᠠᠨ ᠡᠵᠡᠩᠨᠡᠬᠦ ᠡᠷᠬᠡ ᠨᠢ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠳᠤ ᠬᠠᠮᠠᠭᠠᠯᠠᠭᠳᠠᠨ᠎ᠠ᠃ ᠶᠠᠮᠠᠷᠪᠠ ᠨᠢᠭᠡᠴᠢ ᠪᠠ ᠬᠤᠪᠢ ᠬᠥᠮᠦᠨ ᠵᠥᠪᠰᠢᠶᠡᠷᠡᠯ ᠦᠭᠡᠢ ᠪᠠᠷ ᠳᠤᠷ᠎ᠠ ᠪᠠᠷ ᠢᠶᠠᠨ ᠡᠵᠡᠯᠡᠨ ᠬᠡᠷᠡᠭᠯᠡᠬᠦ ᠪᠤᠶᠤ ᠬᠡᠷᠡᠭᠴᠡᠭᠡ ᠶᠢ ᠨᠢ ᠬᠤᠪᠢᠷᠠᠭᠤᠯᠵᠤ ᠪᠣᠯᠬᠤ ᠦᠭᠡᠢ᠃ ᠬᠤᠰᠢᠭᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠦᠬᠦ ᠬᠤᠰᠢᠭᠤᠨ ᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠪᠠ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠭᠠᠴᠠᠭᠠᠨ ᠤ ᠵᠥᠪᠯᠡᠯ ᠲᠣᠰ ᠬᠠᠷᠢᠶ᠎ᠠ ᠣᠷᠣᠨ ᠤ ᠪᠠᠨ ᠦᠨᠳᠦᠰᠦᠨ ᠨᠤᠲᠤᠭ ᠪᠡᠯᠴᠢᠭᠡᠷ ᠢ ᠬᠠᠮᠢᠶᠠᠷᠴᠤ ᠬᠠᠮᠠᠭᠠᠯᠠᠬᠤ ᠠᠵᠢᠯ ᠢ ᠬᠠᠷᠢᠭᠤᠴᠠᠬᠤ ᠪᠤᠯᠤᠨ᠎ᠠ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠦᠵᠡᠯ ᠰᠠᠨᠠᠭ᠎ᠠ ᠶᠣᠰᠣ ᠮᠣᠷᠠᠯ ᠤᠨ ᠬᠥᠮᠦᠵᠢᠯ ᠢ ᠴᠢᠩᠭᠠᠳᠬᠠᠬᠤ ᠪᠣᠯ ᠰᠤᠷᠭᠠᠭᠤᠯᠢ ᠶᠢᠨ ᠶᠣᠰᠣ ᠮᠣᠷᠠᠯ ᠤᠨ ᠬᠥᠮᠦᠵᠢᠯ ᠤᠨ ᠠᠵᠢᠯ ᠤᠨ ᠴᠢᠬᠤᠯᠠ ᠵᠥᠢᠯ ᠪᠣᠯᠤᠨ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠠᠵᠢᠯᠯᠠᠭ᠎ᠠ ᠶᠢ ᠡᠭᠦᠳᠦᠨ ᠪᠠᠶᠢᠭᠤᠯᠬᠤ᠂ ᠣᠯᠠᠨ ᠲᠠᠯ᠎ᠠ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠵᠠᠰᠠᠯᠲᠠ ᠶᠢ ᠴᠢᠩᠭᠠᠳᠬᠠᠬᠤ ᠪᠠᠷ ᠳᠠᠮᠵᠢᠨ ᠳᠤᠮᠳᠠᠳᠤ ᠪᠠᠭ᠎ᠠ ᠰᠤᠷᠭᠠᠭᠤᠯᠢ ᠶᠢᠨ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠳᠠ ᠶᠢ ᠠᠭᠢᠭᠤᠯᠬᠤ ᠭᠡᠷᠡᠭᠳᠠᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠲᠠᠢ ᠵᠡᠷᠭᠡᠪᠡᠷ ᠪᠠᠶᠢᠷᠢᠯᠠᠭᠤᠯᠵᠤ ᠬᠠᠮᠲᠤ ᠳᠤᠨᠢ ᠲᠣᠬᠢᠷᠠᠭᠤᠯᠵᠤ ᠬᠠᠮᠲᠤ ᠳᠤᠨᠢ ᠬᠢᠨᠠᠨ ᠰᠢᠯᠭᠠᠬᠤ ᠬᠡᠷᠡᠭᠲᠡᠶ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号