ᠠᠽᠢᠶ᠎ᠠ ᠳᠢᠪ ᠤᠨ ᠰᠠᠭᠤᠷᠢ ᠳᠦᠬᠦᠬᠡᠷᠤᠮᠵᠢ ᠶᠢᠨ ᠪᠡᠯᠡ ᠤᠷᠤᠭᠤᠯᠤᠯᠳᠠ ᠶᠢᠨ ᠪᠠᠩᠬᠢ ᠶᠢᠨ ᠳᠠᠪᠤᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠤᠨ ᠤ ᠬᠤᠷᠠᠯ ᠤᠨ ᠡᠬᠢᠯᠡᠯᠲᠡ ᠶᠢᠨ ᠶᠤᠰᠤᠯᠠᠯ ᠳᠡᠭᠡᠷᠡᠬᠢ ᠪᠠᠶᠠᠷ ᠤᠨ ᠦᠭᠡ
ᠨᠡᠶᠢᠲᠡᠯᠡᠭᠰᠡᠨ ᠴᠠᠭ᠄
2020-07-30
     ︵2020 ᠣᠨ ᠤ 7 ᠰᠠᠷ᠎ᠠ ᠶᠢᠨ 28 ᠤ ᠡᠳᠦᠷ᠂ ᠪᠡᠭᠡᠵᠢᠩ ᠳᠤ︶      ᠪᠦᠭᠦᠲᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ      ᠬᠦᠨᠳᠤᠳᠤ ᠬᠡᠷᠡᠭ ᠡᠷᠬᠢᠯᠡᠭᠴᠢᠳ᠂ ᠡᠯ᠎ᠡ ᠳᠦᠯᠦᠬᠡᠯᠡᠭᠴᠢᠳ ᠤᠨ ᠪᠦᠯᠬᠦᠮ ᠤᠨ ᠳᠠᠷᠤᠭ᠎ᠠ᠂ ᠡᠷᠬᠢᠮ ᠵᠤᠴᠢᠳ ᠂ ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠡ᠄      ᠠᠽᠢᠶ᠎ᠠ ᠳᠢᠪ ᠤᠨ ᠰᠠᠭᠤᠷᠢ ᠳᠦᠬᠦᠬᠡᠷᠤᠮᠵᠢ ᠶᠢᠨ ᠪᠡᠯᠡ ᠤᠷᠤᠭᠤᠯᠤᠯᠳᠠ ᠶᠢᠨ ᠪᠠᠩᠬᠢ ᠶᠢᠨ ᠳᠠᠪᠤᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠤᠨ ᠤ ᠬᠤᠷᠠᠯ ᠡᠬᠢᠯᠡᠬᠦ ᠳᠠᠰᠢᠷᠠᠮ ᠳᠤ᠂ ᠪᠢ ᠳᠤᠮᠳᠠᠳᠤ ᠤᠯᠤᠰ ᠤᠨ ᠵᠠᠰᠠᠬ‌‍ᠤᠨ ᠤᠷᠳᠤᠨ ᠪᠤᠯᠤᠨ ᠳᠤᠮᠳᠠᠳᠤ ᠤᠯᠤᠰ ᠤᠨ ᠠᠷᠠᠳ ᠳᠦᠮᠡᠨ ᠤ ᠡᠮᠤᠨ᠎ᠡ ᠠᠴᠠ᠂ ᠳᠡᠷᠡᠴᠢᠯᠡᠨ ᠮᠢᠨᠤ ᠬᠤᠪᠢ ᠬᠦᠮᠦᠨ ᠤ ᠨᠡᠷ᠎ᠡ ᠪᠠᠷ᠂ ᠡᠨᠡ ᠤᠳᠠᠭ᠎ᠠ ᠶᠢᠨ ᠬᠤᠷᠠᠯ ᠬᠤᠷᠠᠯᠳᠤᠬᠰᠠᠨ ᠳᠤ ᠬᠠᠯᠠᠭᠤᠨ ᠪᠠᠶᠠᠷ ᠬᠦᠷᠬᠡᠵᠥ ᠪᠠᠶᠢᠬᠤ ᠪᠠᠨ ᠢᠯᠡᠳᠬᠡᠶ᠎ᠡ︕ ᠬᠤᠷᠠᠯ ᠳᠤ ᠤᠷᠤᠯᠴᠠᠬᠰᠠᠨ ᠡᠯ᠎ᠡ ᠪᠦᠷᠢᠯᠳᠦᠬᠦᠨ ᠤ ᠳᠦᠯᠦᠬᠡᠯᠡᠭᠴᠢ ᠳᠤ ᠴᠢᠩ ᠰᠡᠳᠬᠢᠯ ᠤᠨ ᠮᠡᠨᠳᠤᠴᠢᠯᠡᠯ ᠳᠡᠪᠰᠢᠬᠦᠯᠦᠶ᠎ᠡ︕      2013 ᠤᠨ ᠤ ᠵᠢᠯ ᠤᠨ ᠰᠡᠭᠦᠯᠴᠢ ᠪᠠᠷ ᠪᠢ ᠳᠤᠮᠳᠠᠳᠤ ᠤᠯᠤᠰ ᠢ ᠲᠦᠯᠦᠭᠡᠯᠡᠨ ᠠᠽᠢᠶ᠎ᠠ ᠲᠢᠪ ᠤᠨ ᠰᠠᠭᠤᠷᠢ ᠲᠦᠬᠦᠭᠡᠷᠤᠮᠵᠢ ᠶᠢᠨ ᠪᠡᠯᠡ ᠤᠷᠤᠭᠤᠯᠤᠯᠳᠠ ᠶᠢᠨ ᠪᠠᠩᠭᠢ ᠪᠠᠶᠢᠭᠤᠯᠬᠤ ᠰᠠᠨᠠᠭᠤᠯᠭ᠎ᠠ ᠳᠤᠷᠠᠳᠴᠤ᠂ ᠠᠽᠢᠶ᠎ᠠ ᠲᠢᠪ ᠤᠨ ᠭᠠᠵᠠᠷ ᠤᠷᠤᠨ ᠤ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠳᠠ ᠪᠠ ᠬᠤᠯᠪᠤᠯᠳᠤᠨ ᠨᠡᠪᠳᠡᠷᠡᠯᠴᠡᠬᠦ ᠶᠢ ᠠᠬᠢᠭᠤᠯᠤᠨ᠂ ᠤᠷᠤᠨ ᠪᠦᠰᠡ ᠶᠢᠨ ᠬᠠᠮᠳᠤᠷᠠᠯᠴᠠᠭ᠎ᠠ ᠶᠢ ᠭᠦᠨᠵᠡᠭᠡᠶᠢᠷᠡᠭᠦᠯᠵᠤ᠂ ᠬᠠᠮᠳᠤ ᠶᠢᠨ ᠬᠦᠭᠵᠢᠯᠳᠡ ᠶᠢ ᠪᠡᠶᠡᠯᠡᠭᠦᠯᠬᠦ ᠶᠢ ᠵᠤᠷᠢᠪᠠ᠃ 2016 ᠤᠨ ᠤ 1 ᠰᠠᠷ᠎ᠠ ᠶᠢᠨ 16 ᠤ ᠡᠳᠤᠷ᠂ ᠠᠽᠢᠶ᠎ᠠ ᠳᠢᠪ ᠤᠨ ᠰᠠᠭᠤᠷᠢ ᠳᠦᠬᠦᠬᠡᠷᠤᠮᠵᠢ ᠶᠢᠨ ᠪᠡᠯᠡ ᠤᠷᠤᠭᠤᠯᠤᠯᠳᠠ ᠶᠢᠨ ᠪᠠᠩᠬᠢ ᠵᠢᠩᠬᠢᠨᠢ ᠪᠠᠷ ᠡᠵᠡᠩᠨᠡᠯᠳᠡ ᠪᠠᠨ ᠡᠬᠢᠯᠡᠭᠦᠯᠪᠡ᠃ 4 ᠵᠢᠯ ᠭᠠᠷᠤᠢ ᠶᠢᠨ ᠲᠤᠷᠰᠢ᠂ ᠠᠽᠢᠶ᠎ᠠ ᠲᠢᠪ ᠤᠨ ᠰᠠᠭᠤᠷᠢ ᠲᠦᠬᠦᠭᠡᠷᠤᠮᠵᠢ ᠶᠢᠨ ᠪᠡᠯᠡ ᠤᠷᠤᠭᠤᠯᠤᠯᠳᠠ ᠶᠢᠨ ᠪᠠᠩᠭᠢ ᠤᠯᠠᠨ ᠳᠡᠯᠠᠳᠤ ᠨᠡᠬᠡᠬᠡᠨ ᠬᠦᠭᠵᠢᠬᠦᠯᠦᠯᠳᠡ ᠶᠢᠨ ᠪᠠᠩᠬᠢ ᠶᠢᠨ ᠬᠡᠪ ᠵᠠᠬᠪᠤᠷ ᠪᠤᠯᠤᠨ ᠵᠠᠷᠴᠢᠮ ᠢᠶᠠᠷ ᠠᠵᠢᠯᠯᠠᠵᠥ ᠂ ᠤᠯᠠᠨ ᠤᠯᠤᠰ ᠤᠨ ᠴᠢᠨᠠᠷ᠂ ᠵᠢᠷᠤᠮᠵᠢᠭᠰᠠᠨ ᠴᠢᠨᠠᠷ᠂ ᠦᠨᠳᠦᠷ ᠪᠠᠷᠢᠮᠵᠢᠶᠠᠳᠤ ᠴᠢᠨᠠᠷ ᠢ ᠪᠠᠷᠢᠮᠳᠠᠯᠠᠵᠤ᠂ ᠰᠠᠶᠢᠨ ᠰᠠᠶᠢᠬᠠᠨ ᠡᠬᠢᠯᠡᠯᠳᠡ ᠲᠠᠢ ᠪᠤᠯᠵᠠᠢ᠃ ᠬᠠᠮᠤᠭ ᠠᠩᠬᠠᠨ ᠤ 57 ᠡᠬᠦᠰᠬᠡᠨ ᠪᠠᠶᠢᠭᠤᠯᠤᠬᠴᠢ ᠭᠠᠷ ᠬᠤᠯᠪᠤᠨ ᠠᠶᠠᠯᠠᠯ ᠢᠶᠠᠨ ᠡᠬᠢᠯᠡᠭᠦᠯᠦᠭᠰᠡᠨ ᠠᠴᠠ ᠤᠳᠤ ᠪᠤᠯᠬᠤ ᠳᠤ ᠠᠽᠢᠶ᠎ᠠ ᠳᠢᠪ᠂ ᠡᠸᠦ᠋ᠷᠤᠫᠠ ᠲᠢᠪ᠂ ᠠᠹᠷᠢᠺᠠ ᠳᠢᠪ᠂ ᠤᠮᠠᠷᠠᠳᠤ ᠠᠮᠧᠷᠢᠺᠠ ᠳᠢᠪ᠂ ᠡᠮᠤᠨᠡᠳᠤ ᠠᠮᠧᠷᠢᠺᠠ ᠳᠢᠪ᠂ ᠶᠡᠭᠡ ᠳᠡᠯᠡᠢ ᠶᠢᠨ ᠳᠢᠪ ᠵᠡᠷᠬᠡ ᠵᠢᠷᠭᠤᠭᠠᠨ ᠶᠡᠭᠡ ᠳᠢᠪ‌‍ᠤᠨ 102 ᠪᠦᠷᠢᠯᠳᠦᠬᠦᠨ ᠨᠢᠬᠡ ᠳᠠᠩᠬᠢᠮ ᠳᠤ ᠴᠤᠬᠯᠠᠷᠠᠵᠤ᠂ ᠠᠽᠢᠶ᠎ᠠ ᠳᠢᠪ ᠤᠨ ᠰᠠᠭᠤᠷᠢ ᠳᠦᠬᠦᠬᠡᠷᠤᠮᠵᠢ ᠶᠢᠨ ᠪᠡᠯᠡ ᠤᠷᠤᠭᠤᠯᠤᠯᠳᠠ ᠶᠢᠨ ᠪᠠᠩᠬᠢ ᠳᠠᠰᠤᠷᠠᠯᠳᠠ ᠦᠬᠡᠢ ᠬᠦᠭᠵᠢᠨ ᠪᠤᠵᠠᠭᠠᠢᠢᠷᠠᠵᠥ᠂ ᠨᠢᠬᠡᠨᠳᠡ ᠪᠦᠷᠢᠯᠳᠦᠬᠦᠨ ᠨᠦᠭᠦᠳ ᠲᠡᠭᠡᠨ 200 ᠳ᠋ᠦᠩᠰᠢᠭᠤᠷ ᠳ᠋ᠤᠯᠯᠠᠷ ᠤᠷᠴᠢᠮ ᠤᠨ ᠰᠠᠭᠤᠷᠢ ᠳᠦᠬᠦᠬᠡᠷᠤᠮᠵᠢ ᠶᠢᠨ ᠪᠡᠯᠡ ᠤᠷᠤᠭᠤᠯᠤᠯᠳᠠ ᠬᠠᠩᠭᠠᠬᠰᠠᠨ ᠪᠠᠶᠢᠨ᠎ᠠ᠃ ᠠᠽᠢᠶ᠎ᠠ ᠳᠢᠪ ᠤᠨ ᠰᠠᠭᠤᠷᠢ ᠳᠦᠬᠦᠬᠡᠷᠤᠮᠵᠢ ᠶᠢᠨ ᠪᠡᠯᠡ ᠤᠷᠤᠭᠤᠯᠤᠯᠳᠠ ᠶᠢᠨ ᠪᠠᠩᠬᠢ ᠶᠢᠨ ᠨᠠᠶᠢᠵᠠ ᠶᠢᠨ ᠳᠤᠭᠤᠷᠢᠬ ᠤᠯᠠᠮ ᠠᠴᠠ ᠶᠡᠭᠡ ᠪᠤᠯᠵᠤ᠂ ᠰᠠᠶᠢᠨ ᠬᠠᠨᠢᠳᠠᠨ ᠶᠠᠪᠤᠬᠤ ᠳᠤᠳᠤᠮ ᠤᠯᠠᠰᠢᠷᠠᠵᠥ᠂ ᠬᠠᠮᠳᠤᠷᠠᠯᠴᠠᠭᠠᠨ ᠤ ᠶᠠᠰᠤ ᠴᠢᠨᠠᠷ ᠶᠠᠪᠤᠬᠤ ᠳᠤᠳᠤᠮ ᠰᠠᠶᠢᠵᠢᠷᠠᠵᠤ᠂ ᠳᠡᠯᠡᠬᠡᠢ ᠨᠡᠶᠢᠳᠡ ᠳᠤ ᠲᠤᠰᠬᠠᠢᠢᠵᠢᠭᠰᠠᠨ᠂ ᠦᠨᠳᠦᠷ ᠪᠦᠲᠦᠮᠵᠢᠳᠠᠢ᠂ ᠠᠷᠢᠭᠤᠨ ᠴᠢᠭᠡᠴᠢ ᠰᠢᠨ᠎ᠠ ᠬᠡᠯᠪᠡᠷᠢ ᠶᠢᠨ ᠤᠯᠠᠨ ᠲᠠᠯᠠᠳᠤ ᠨᠡᠭᠡᠭᠡᠨ ᠬᠦᠭᠵᠢᠭᠦᠯᠦᠯᠳᠡ ᠶᠢᠨ ᠪᠠᠩᠭᠢ ᠶᠢᠨ ᠴᠣ᠋ ᠰᠢᠨ᠎ᠠ ᠳᠦᠷᠢ ᠳᠦᠷᠬᠦ ᠶᠢ ᠢᠯᠡᠷᠡᠭᠦᠯᠪᠡ᠃      ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠦᠷᠪᠢᠰᠤᠨ ᠳᠡᠯᠬᠡᠷᠡᠭᠰᠡᠨ ᠠᠴᠠ ᠨᠠᠭᠠᠰᠢ᠂ ᠠᠽᠢᠶ᠎ᠠ ᠳᠢᠪ ᠤᠨ ᠰᠠᠭᠤᠷᠢ ᠳᠦᠬᠦᠬᠡᠷᠤᠮᠵᠢ ᠶᠢᠨ ᠪᠡᠯᠡ ᠤᠷᠤᠭᠤᠯᠤᠯᠳᠠ ᠶᠢᠨ ᠪᠠᠩᠬᠢ ᠦᠳᠳᠡᠷ ᠳᠦᠷᠬᠡᠨ ᠬᠦᠳᠡᠯᠤᠯᠴᠠᠵᠥ᠂ ᠪᠠᠴᠢᠮ ᠪᠠᠶᠢᠳᠠᠯ ᠢ ᠠᠷᠭᠠᠴᠠᠭᠠᠬᠤ ᠰᠠᠭᠤᠷᠢ ᠮᠦᠩᠬᠦ ᠭᠠᠷᠭᠠᠵᠥ᠂ ᠪᠦᠷᠢᠯᠳᠦᠬᠦᠨ ᠨᠦᠬᠦᠳ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠪᠠ ᠠᠵᠥ ᠠᠬᠤᠢ ᠪᠠᠨ ᠰᠡᠷᠬᠦᠬᠡᠬᠦ ᠶᠢ ᠳᠡᠮᠵᠢᠵᠥ᠂ ᠠᠽᠢᠶ᠎ᠠ ᠳᠢᠪ ᠤᠨ ᠰᠠᠭᠤᠷᠢ ᠳᠦᠬᠦᠬᠡᠷᠤᠮᠵᠢ ᠶᠢᠨ ᠪᠡᠯᠡ ᠤᠷᠤᠭᠤᠯᠤᠯᠳᠠ ᠶᠢᠨ ᠪᠠᠩᠬᠢ ᠶᠢᠨ ᠠᠵᠢᠯᠯᠠᠬᠤ ᠴᠢᠳᠠᠪᠤᠷᠢ ᠶᠢ ᠬᠦᠢᠴᠡᠳ ᠬᠠᠷᠠᠭᠤᠯᠪᠠ᠃ ᠪᠦᠬᠦ ᠳᠡᠯᠡᠬᠡᠢ ᠶᠢᠨ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠨ ᠦᠢᠯᠡᠳᠦᠯᠭᠡ ᠬᠠᠷᠠᠭᠤᠯᠤᠭᠰᠠᠨ ᠨᠢ᠂ ᠬᠦᠮᠦᠨ ᠲᠦᠷᠦᠯᠬᠢᠳᠡᠨ ᠪᠤᠯ ᠵᠢᠷᠭᠠᠯ ᠵᠤᠪᠠᠯᠠᠩ ᠨᠢᠭᠡᠳᠠᠢ᠂ ᠰᠠᠯᠬᠢ ᠪᠤᠷᠤᠭᠠᠨ ᠢ ᠬᠠᠮᠳᠦ ᠪᠠᠷ ᠲᠤᠭᠤᠯᠬᠤ ᠬᠤᠪᠢ ᠵᠠᠶᠠᠭᠠᠨ ᠤ ᠬᠠᠮᠳᠤ ᠶᠢᠨ ᠴᠤᠭᠴᠠ ᠮᠦᠨ᠂ ᠭᠠᠭᠴᠠ ᠬᠦ ᠬᠠᠷᠢᠯᠴᠠᠨ ᠳᠡᠮᠵᠢᠵᠦ ᠪᠦᠯᠬᠦᠮᠳᠡᠨ ᠬᠠᠮᠳᠤᠷᠠᠯᠴᠠᠪᠠᠯ ᠰᠠᠶ᠋ᠢ ᠬᠢᠮᠤᠷᠠᠯ ᠢ ᠢᠯᠠᠨ ᠳᠠᠪᠠᠵᠤ ᠴᠢᠳᠠᠨ᠎ᠠ᠃ ᠠᠵᠤ ᠠᠬᠤᠢ ᠶᠢᠨ ᠳᠡᠯᠡᠬᠡᠶᠢᠵᠢᠯᠳᠡ ᠶᠢᠨ ᠶᠠᠪᠤᠴᠠ ᠳᠤ ᠢᠯᠡᠷᠡᠭᠰᠡᠨ ᠵᠦᠷᠢᠴᠡᠯ ᠢ ᠰᠢᠢᠳᠪᠦᠷᠢᠯᠡᠬᠦ ᠳᠤ᠂ ᠡᠯ᠎ᠠ ᠤᠯᠤᠰ ᠤᠨ ᠬᠢᠨ ᠨᠡᠩ ᠠᠭᠤᠳᠠᠮᠴᠢ ᠪᠦᠬᠦ ᠳᠡᠯᠡᠭᠡᠢ ᠶᠢᠨ ᠵᠠᠰᠠᠯᠳᠠ᠂ ᠨᠡᠩ ᠪᠦᠲᠦᠮᠵᠢᠳᠠᠢ ᠤᠯᠠᠨ ᠲᠠᠯᠠᠳᠤ ᠲᠤᠭᠳᠠᠴᠠ᠂ ᠨᠡᠩ ᠢᠳᠡᠪᠬᠢᠳᠠᠢ ᠤᠷᠤᠨ ᠪᠦᠰᠡ ᠶᠢᠨ ᠬᠠᠮᠳᠤᠷᠠᠯᠴᠠᠭ᠎ᠠ ᠶᠢ ᠴᠢᠷᠮᠠᠶᠢᠨ ᠪᠦᠷᠢᠯᠳᠦᠭᠦᠯᠪᠡᠯ ᠵᠤᠬᠢᠨ᠎ᠠ᠃ ᠠᠽᠢᠶ᠎ᠠ ᠲᠢᠪ ᠤᠨ ᠰᠠᠭᠤᠷᠢ ᠲᠦᠬᠦᠭᠡᠷᠤᠮᠵᠢ ᠶᠢᠨ ᠪᠡᠯᠡ ᠤᠷᠤᠭᠤᠯᠤᠯᠳᠠ ᠶᠢᠨ ᠪᠠᠩᠭᠢ ᠨᠢ ᠪᠦᠷᠢᠯᠳᠦᠭᠦᠨ ᠨᠦᠭᠦᠳ ᠤᠨ ᠬᠠᠮᠳᠤ ᠶᠢᠨ ᠬᠦᠭᠵᠢᠯᠳᠡ ᠶᠢ ᠠᠬᠢᠭᠤᠯᠬᠤ᠂ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢᠨ ᠪᠠᠶᠢᠭᠤᠯᠤᠯᠳᠠ ᠶᠢ ᠠᠬᠢᠭᠤᠯᠬᠤ ᠰᠢᠨ᠎ᠠ ᠲᠠᠪᠴᠠᠩ ᠪᠤᠯᠪᠠᠯ ᠵᠤᠬᠢᠨ᠎ᠠ᠃ ᠠᠳᠡ ᠪᠢ ᠳᠤᠤᠷᠠᠬᠢ ᠰᠠᠨᠠᠭᠤᠯᠭ᠎ᠠ ᠶᠢ ᠳᠤᠷᠠᠳᠤᠶ᠎ᠠ᠄      ᠨᠢᠭᠡ ᠳᠤ᠂ ᠬᠠᠮᠲᠤ ᠶᠢᠨ ᠬᠦᠭᠵᠢᠯᠲᠠ ᠳᠤ ᠠᠩᠬᠠᠷᠤᠯ ᠢᠶᠠᠨ ᠲᠦᠪᠯᠡᠷᠡᠭᠦᠯᠵᠦ᠂ ᠠᠽᠢᠶ᠎ᠠ ᠲᠢᠪ ᠤᠨ ᠰᠠᠭᠤᠷᠢ ᠲᠦᠬᠦᠭᠡᠷᠦᠮᠵᠢ ᠶᠢᠨ ᠪᠡᠯᠡ ᠤᠷᠤᠭᠤᠯᠤᠯᠲᠠ ᠶᠢᠨ ᠪᠠᠩᠭᠢ ᠶᠢ ᠪᠦᠬᠦ ᠲᠡᠯᠡᠭᠡᠢ ᠶᠢᠨ ᠬᠠᠮᠲᠤ ᠶᠢᠨ ᠬᠦᠭᠵᠢᠯᠲᠠ ᠶᠢ ᠠᠬᠢᠭᠤᠯᠬᠤ ᠰᠢᠨ᠎ᠠ ᠬᠡᠯᠪᠡᠷᠢ ᠶᠢᠨ ᠤᠯᠠᠠ ᠲᠠᠯᠠᠲᠦ ᠨᠡᠭᠡᠭᠡᠨ ᠬᠦᠭᠵᠢᠭᠦᠯᠦᠯᠳᠡ ᠶᠢᠨ ᠪᠠᠩᠭᠢ ᠪᠤᠯᠭᠠᠠ ᠪᠦᠲᠦᠭᠡᠨ ᠪᠠᠶᠢᠭᠤᠯᠤᠶ᠎ᠠ᠃ ᠡᠩᠬᠡ ᠲᠠᠶᠢᠪᠤᠩ ᠬᠢᠭᠡᠳ ᠬᠦᠭᠵᠢᠯᠳᠡ ᠮᠦᠨ ᠬᠦ ᠮᠠᠨ ᠤ ᠡᠨᠡ ᠴᠠᠭ ᠦᠶ᠎ᠠ ᠶᠢᠨ ᠭᠤᠤᠯ ᠰᠡᠳᠦᠪ ᠪᠠᠶᠢᠭᠰᠠᠭᠠᠷ ᠪᠢᠯᠡ᠃ ᠰᠠᠭᠤᠷᠢ ᠲᠦᠬᠦᠭᠡᠷᠦᠮᠵᠢ ᠬᠤᠯᠪᠤᠯᠳᠤᠨ ᠨᠡᠪᠲᠡᠷᠡᠯᠴᠡᠬᠦ ᠪᠤᠯ ᠡᠯ᠎ᠠ ᠤᠯᠤᠰ ᠤᠨ ᠬᠠᠮᠳᠤ ᠶᠢᠨ ᠬᠦᠭᠵᠢᠯᠳᠡ ᠶᠢ ᠠᠬᠢᠭᠤᠯᠬᠤ ᠴᠢᠬᠤᠯᠠ ᠪᠤᠳᠠᠰ ᠤᠨ ᠰᠠᠭᠤᠷᠢ ᠮᠦᠨ᠃ ᠠᠽᠢᠶ᠎ᠠ ᠲᠢᠪ ᠤᠨ ᠰᠠᠭᠤᠷᠢ ᠲᠦᠬᠦᠭᠡᠷᠦᠮᠵᠢ ᠶᠢᠨ ᠪᠡᠯᠡ ᠤᠷᠤᠭᠤᠯᠤᠯᠲᠠ ᠶᠢᠨ ᠪᠠᠩᠭᠢ ᠪᠦᠬᠦ ᠪᠦᠷᠢᠯᠲᠦᠭᠦᠨ ᠤ ᠬᠦᠭᠵᠢᠯᠲᠠ ᠶᠢᠨ ᠭᠡᠷᠡᠭᠴᠡᠭᠡ ᠳᠤ ᠦᠢᠯᠡᠴᠢᠯᠡᠬᠦ ᠪᠠᠷ ᠴᠢᠷᠮᠠᠶᠢᠵᠦ᠂ ᠨᠡᠩ ᠤᠯᠠᠠ ᠴᠢᠨᠠᠷ ᠰᠠᠶᠢᠲᠠᠢ᠂ ᠦᠪᠡᠷ ᠤᠨ ᠦᠷᠲᠡᠭ ᠨᠢ ᠲᠤᠤᠷ᠎ᠠ᠂ ᠦᠷᠬᠦᠯᠵᠢᠯᠡᠬᠦ ᠰᠠᠭᠤᠷᠢ ᠲᠦᠭᠦᠭᠡᠷᠦᠮᠵᠢ ᠶᠢᠨ ᠪᠡᠯᠡ ᠤᠷᠤᠭᠤᠯᠤᠯᠳᠠ ᠬᠠᠩᠭᠠᠵᠦ᠂ ᠤᠯᠠᠮᠵᠢᠯᠠᠯᠲᠦ ᠰᠠᠭᠤᠷᠢ ᠲᠦᠬᠦᠭᠡᠷᠦᠮᠵᠢ ᠶᠢ ᠲᠡᠮᠵᠢᠬᠦ ᠪᠠᠷ ᠪᠠᠷᠠᠬᠤ ᠦᠭᠡᠢ ᠰᠢᠨ᠎ᠠ ᠬᠡᠯᠪᠡᠷᠢ ᠶᠢᠨ ᠰᠠᠭᠤᠷᠢ ᠲᠦᠬᠦᠭᠡᠷᠦᠮᠵᠢ ᠶᠢ ᠴᠤ ᠲᠡᠮᠵᠢᠵᠦ᠂ ᠠᠽᠢᠶ᠎ᠠ ᠲᠢᠪ ᠵᠢᠴᠢ ᠪᠤᠰᠤᠳ ᠭᠠᠵᠠᠷ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠲᠠ ᠶᠢ ᠠᠬᠢᠭᠤᠯᠬᠤ ᠳᠤ ᠰᠢᠨ᠎ᠠ ᠬᠦᠲᠡᠯᠭᠡᠬᠦ ᠬᠦᠴᠤᠨ ᠬᠠᠩᠭᠠᠪᠠᠯ ᠵᠤᠬᠢᠨ᠎ᠠ᠃      ᠬᠤᠶᠠᠷ ᠲᠤ᠂ ᠵᠤᠷᠢᠠᠠᠲᠠᠢ ᠪᠠᠷ ᠵᠠᠮ ᠨᠡᠭᠡᠭᠡᠡ ᠰᠢᠨ᠎ᠠ ᠶᠢ ᠡᠭᠦᠳᠴᠤ᠂ ᠠᠽᠢᠶ᠎ᠠ ᠲᠢᠪ ᠤᠨ ᠰᠠᠭᠤᠷᠢ ᠲᠦᠬᠦᠭᠡᠷᠦᠮᠵᠢ ᠶᠢᠨ ᠪᠡᠯᠡ ᠤᠷᠤᠭᠤᠯᠤᠯᠲᠠ ᠶᠢᠨ ᠪᠠᠩᠭᠢ ᠶᠢ ᠴᠠᠭ ᠦᠶ᠎ᠠ ᠲᠠᠢ ᠵᠡᠷᠭᠡ ᠪᠠᠷ ᠤᠷᠤᠭᠰᠢᠯᠠᠬᠤ ᠰᠢᠨ᠎ᠠ ᠬᠡᠯᠪᠡᠷᠢ ᠶᠢᠨ ᠬᠦᠭᠵᠢᠯᠲᠠ ᠶᠢᠨ ᠦᠢᠯᠡᠲᠦᠯᠭᠡ ᠶᠢᠨ ᠳᠠᠪᠴᠠᠩ ᠪᠤᠯᠭᠠᠨ ᠪᠦᠲᠦᠭᠡᠨ ᠪᠠᠶᠢᠭᠤᠯᠤᠶ᠎ᠠ᠃ ᠰᠢᠨ᠎ᠠ ᠶᠢ ᠡᠭᠦᠳᠪᠡᠯ ᠰᠠᠶ᠋ᠢ ᠢᠷᠡᠭᠡᠳᠦᠢ ᠲᠠᠢ ᠪᠤᠯᠵᠤ ᠪᠤᠯᠤᠨ᠎ᠠ᠃ ᠠᠽᠢᠶ᠎ᠠ ᠲᠢᠪ ᠤᠨ ᠰᠠᠭᠤᠷᠢ ᠲᠦᠬᠦᠭᠡᠷᠦᠮᠵᠢ ᠶᠢᠨ ᠪᠡᠯᠡ ᠤᠷᠤᠭᠤᠯᠤᠯᠲᠠ ᠶᠢᠨ ᠪᠠᠩᠭᠢ ᠶᠢᠨ ᠲᠤᠰ ᠪᠡᠶ᠎ᠠ ᠨᠢ ᠤᠯᠠᠨ ᠤᠯᠤᠰ ᠤᠨ ᠠᠵᠤ ᠠᠬᠤᠢ ᠶᠢᠨ ᠵᠠᠰᠠᠯᠳᠠ ᠶᠢᠨ ᠰᠢᠰᠲ᠋ᠧᠮ ᠤᠨ ᠰᠢᠨ᠎ᠠ ᠪᠦᠷᠢᠯᠳᠦᠭᠦᠨ ᠮᠦᠨ᠂ ᠴᠠᠭ ᠦᠶ᠎ᠠ ᠳᠤ ᠵᠤᠬᠢᠴᠠᠨ᠂ ᠪᠠᠶᠢᠳᠠᠯ ᠳᠤ ᠵᠤᠬᠢᠴᠠᠨ᠂ ᠬᠦᠭᠵᠢᠯᠲᠠ ᠶᠢᠨ ᠤᠢᠢᠯᠠᠭᠠᠭᠲᠠᠬᠤᠨ᠂ ᠲᠤᠬᠠᠢᠢᠯᠠᠭᠰᠠᠠ ᠠᠵᠢᠯ ᠤᠨ ᠬᠡᠯᠪᠡᠷᠢ᠂ ᠪᠠᠶᠢᠭᠤᠯᠤᠮᠵᠢ ᠶᠢᠨ ᠵᠠᠰᠠᠯᠲᠠ ᠶᠢᠨ ᠰᠢᠨ᠎ᠠ ᠶᠢ ᠡᠭᠦᠳᠴᠤ᠂ ᠪᠡᠯᠡ ᠬᠤᠷᠠᠮᠳᠤᠭᠤᠯᠬᠤ ᠪᠦᠲᠦᠭᠡᠭᠳᠡᠭᠦᠨ ᠢ ᠠᠮᠢᠳᠤᠯᠢᠭ ᠤᠯᠠᠨ ᠶᠠᠩᠵᠤ ᠪᠠᠷ ᠬᠦᠭᠵᠢᠭᠦᠯᠬᠦ ᠪᠠᠷ ᠲᠠᠮᠵᠢᠨ᠂ ᠬᠤᠯᠪᠤᠯᠲᠤᠨ ᠨᠡᠪᠲᠡᠷᠡᠯᠴᠡᠬᠦ ᠶᠢ ᠠᠬᠢᠭᠤᠯᠵᠦ᠂ ᠪᠤᠬᠢᠷᠲᠤᠯ ᠦᠭᠡᠢ ᠬᠦᠭᠵᠢᠯᠲᠠ ᠶᠢ ᠠᠬᠢᠭᠤᠯᠵᠦ᠂ ᠮᠡᠷᠭᠡᠵᠢᠯ ᠤᠨ ᠲᠠᠪᠰᠢᠯᠲᠠ ᠶᠢ ᠳᠡᠮᠵᠢᠪᠡᠯ ᠵᠤᠬᠢᠨ᠎ᠠ᠃      ᠭᠤᠷᠪᠠ ᠳᠤ᠂ ᠬᠠᠮᠤᠭ ᠤᠨ ᠰᠠᠶᠢᠠ ᠦᠢᠯᠡᠲᠦᠯᠭᠡ ᠶᠢ ᠡᠭᠦᠳᠴᠤ᠂ ᠠᠽᠢᠶ᠎ᠠ ᠲᠢᠪ ᠤᠨ ᠰᠠᠭᠤᠷᠢ ᠲᠦᠬᠦᠭᠡᠷᠦᠮᠵᠢ ᠶᠢᠨ ᠪᠡᠯᠡ ᠤᠷᠤᠭᠤᠯᠤᠯᠲᠠ ᠶᠢᠨ ᠪᠠᠩᠭᠢ ᠶᠢ ᠦᠨᠲᠦᠷ ᠪᠠᠷᠢᠮᠵᠢᠶ᠎ᠠ ᠪᠦᠬᠦᠢ ᠰᠢᠨ᠎ᠠ ᠬᠡᠯᠪᠡᠷᠢ ᠶᠢᠨ ᠤᠯᠠᠠ ᠤᠯᠤᠰ ᠤᠨ ᠬᠠᠮᠳᠤᠷᠠᠯᠴᠠᠭᠠᠨ ᠤ ᠪᠠᠶᠢᠭᠤᠯᠤᠮᠵᠢ ᠪᠤᠯᠭᠠᠠ ᠪᠦᠲᠦᠭᠡᠡ ᠪᠠᠶᠢᠭᠤᠯᠤᠶ᠎ᠠ᠃ ᠠᠽᠢᠶ᠎ᠠ ᠲᠢᠪ ᠤᠨ ᠰᠠᠭᠤᠷᠢ ᠲᠦᠬᠦᠭᠡᠷᠦᠮᠵᠢ ᠶᠢᠨ ᠪᠡᠯᠡ ᠤᠷᠤᠭᠤᠯᠤᠯᠲᠠ ᠶᠢᠨ ᠪᠠᠩᠭᠢ ᠦᠨᠳᠦᠷ ᠪᠠᠷᠢᠮᠵᠢᠶ᠎ᠠ᠂ ᠦᠨᠳᠦᠷ ᠴᠢᠨᠠᠷ ᠴᠢᠨᠰᠠᠭ᠎ᠠ ᠶᠢ ᠪᠠᠷᠢᠮᠳᠠᠯᠠᠨ᠂ ᠳᠡᠯᠡᠬᠡᠢ ᠨᠡᠶᠢᠳᠡ ᠶᠢᠨ ᠨᠡᠶᠢᠲᠡᠮ ᠬᠡᠷᠡᠭᠯᠡᠬᠦ ᠪᠠᠷᠢᠮᠵᠢᠶ᠎ᠠ ᠶᠢ ᠵᠢᠷᠦᠮᠯᠠᠬᠤ᠂ ᠲᠦᠭᠡᠮᠡᠯ ᠬᠦᠭᠵᠢᠯᠲᠠ ᠶᠢᠨ ᠵᠢᠮ᠎ᠠ ᠶᠤᠰᠤ ᠶᠢ ᠬᠦᠨᠳᠤᠳᠭᠡᠬᠦ ᠶᠢ ᠡᠯ᠎ᠠ ᠪᠦᠷᠢᠯᠲᠦᠭᠦᠨ ᠤ ᠲᠤᠰ ᠪᠡᠶ᠎ᠠ ᠶᠢᠨ ᠬᠦᠭᠵᠢᠯᠲᠠ ᠶᠢᠨ ᠪᠤᠲᠠᠲᠤ ᠭᠡᠷᠡᠭᠴᠡᠭᠡ ᠲᠠᠢ ᠤᠷᠭᠠᠨᠢᠭ ᠤᠶᠠᠯᠳᠤᠭᠤᠯᠤᠨ᠂ ᠤᠯᠠᠠ ᠤᠯᠤᠰ ᠤᠨ ᠬᠦᠭᠵᠢᠯᠲᠠ ᠶᠢᠨ ᠬᠠᠮᠳᠤᠷᠠᠯᠴᠠᠭᠠᠨ ᠤ ᠬᠠᠮᠤᠭ ᠤᠨ ᠰᠠᠶᠢᠨ ᠦᠢᠯᠡᠲᠦᠯᠭᠡ ᠶᠢ ᠡᠭᠦᠳᠦᠶ᠎ᠠ᠃      ᠲᠦᠷᠪᠡ ᠳᠤ᠂ ᠨᠡᠭᠡᠭᠡᠯᠲᠠᠳᠤ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠦ᠂ ᠠᠽᠢᠶ᠎ᠠ ᠲᠢᠪ ᠤᠨ ᠰᠠᠭᠤᠷᠢ ᠲᠦᠬᠦᠭᠡᠷᠦᠮᠵᠢ ᠶᠢᠨ ᠪᠡᠯᠡ ᠤᠷᠤᠭᠤᠯᠤᠯᠲᠠ ᠶᠢᠨ ᠪᠠᠩᠭᠢ ᠶᠢ ᠤᠯᠠᠠ ᠤᠯᠤᠰ ᠤᠨ ᠤᠯᠠᠠ ᠳᠠᠯᠠᠳᠦ ᠬᠠᠮᠳᠤᠷᠠᠯᠴᠠᠭᠠᠨ ᠤ ᠰᠢᠨ᠎ᠠ ᠬᠡᠪ ᠳᠠᠭᠤᠷᠢᠶᠠᠯ ᠪᠤᠯᠭᠠᠠ ᠪᠦᠲᠦᠭᠡᠡ ᠪᠠᠶᠢᠭᠤᠯᠤᠶ᠎ᠠ᠃ ᠬᠠᠮᠲᠤ ᠪᠠᠷ ᠵᠦᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠵᠠᠷᠴᠢᠮ ᠢ ᠪᠠᠷᠢᠮᠲᠠᠯᠠᠵᠦ᠂ ᠲᠡᠯᠡᠭᠡᠢ ᠶᠢᠨ ᠠᠵᠦ ᠠᠬᠤᠢ ᠶᠢᠨ ᠪᠠᠶᠢᠷᠢᠰᠢᠯ ᠤᠨ ᠲᠤᠬᠢᠷᠠᠭᠤᠯᠤᠯᠲᠠ ᠬᠤᠪᠢᠰᠤᠯᠲᠠ ᠶᠢᠨ ᠬᠠᠨᠲᠤᠰᠢ ᠳᠤ ᠵᠤᠬᠢᠴᠠᠨ᠂ ᠨᠡᠩ ᠤᠯᠠᠠ ᠬᠦᠭᠵᠢᠯᠲᠠ ᠶᠢᠨ ᠬᠠᠨᠢᠲᠠᠠ ᠯᠤᠭ᠎ᠠ ᠬᠠᠮᠲᠤᠷᠠᠯᠴᠠᠭ᠎ᠠ ᠦᠷᠨᠢᠭᠦᠯᠵᠦ᠂ ᠤᠷᠤᠨ ᠪᠦᠰᠡ ᠶᠢᠨ ᠪᠠ ᠪᠦᠬᠦ ᠳᠡᠯᠡᠬᠡᠢ ᠶᠢᠨ ᠤᠯᠠᠨ ᠨᠡᠶᠢᠳᠡ ᠶᠢᠨ ᠪᠦᠲᠦᠭᠡᠭᠳᠡᠭᠦᠨ ᠬᠠᠩᠭᠠᠵᠤ᠂ ᠤᠷᠤᠨ ᠪᠦᠰᠡ ᠶᠢᠨ ᠠᠵᠦ ᠠᠬᠤᠢ ᠶᠢᠨ ᠨᠢᠭᠡ ᠴᠤᠭᠴᠠᠵᠢᠯᠳᠠ ᠶᠢ ᠠᠬᠢᠭᠤᠯᠵᠦ᠂ ᠠᠵᠦ ᠠᠬᠤᠢ ᠶᠢᠨ ᠲᠡᠯᠡᠭᠡᠶᠢᠵᠢᠯᠲᠠ ᠶᠢᠨ ᠨᠡᠩ ᠨᠡᠭᠡᠭᠡᠯᠳᠠᠳᠤ᠂ ᠪᠠᠭᠲᠠᠭᠠᠮᠵᠢᠲᠠᠢ᠂ ᠲᠦᠭᠡᠮᠡᠯ ᠠᠰᠢᠭ ᠬᠦᠷᠲᠡᠭᠡᠬᠦ᠂ ᠲᠡᠩᠴᠡᠬᠦᠷᠢᠲᠠᠢ᠂ ᠬᠠᠮᠲᠤ ᠪᠠᠷ ᠠᠰᠢᠭ ᠬᠦᠷᠳᠡᠬᠦ ᠴᠢᠭᠯᠡᠯ ᠲᠡᠶᠢᠰᠢ ᠬᠦᠭᠵᠢᠭᠦ ᠶᠢ ᠠᠬᠢᠭᠤᠯᠤᠶ᠎ᠠ᠃      ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠡ︕      ᠲᠤᠮᠲᠠᠲᠤ ᠤᠯᠤᠰ ᠢᠮᠠᠭᠲᠠ ᠤᠯᠠᠠ ᠲᠠᠯᠠᠲᠦ ᠦᠵᠡᠯ ᠢ ᠲᠡᠮᠵᠢᠵᠦ᠂ ᠤᠯᠠᠠ ᠲᠠᠯᠠᠲᠦ ᠦᠵᠡᠯ ᠢ ᠦᠢᠯᠡᠲᠦᠯᠭᠡᠵᠢᠭᠦᠯᠦᠨ᠂ ᠨᠡᠭᠡᠭᠡᠯᠲᠡᠳᠤ᠂ ᠬᠠᠮᠲᠤᠷᠠᠯᠴᠠᠬᠤ᠂ ᠬᠠᠮᠲᠤ ᠪᠠᠷ ᠠᠰᠢᠭ ᠬᠦᠷᠲᠡᠬᠦ ᠵᠤᠷᠢᠭ ᠰᠠᠨᠠᠭ᠎ᠠ ᠪᠠᠷ ᠲᠡᠯᠡᠭᠡᠢ ᠶᠢᠨ ᠡᠯ᠎ᠠ ᠤᠯᠤᠰ ᠲᠠᠢ ᠬᠠᠮᠲᠤ ᠪᠠᠷ ᠬᠦᠭᠵᠢᠬᠦ ᠶᠢ ᠡᠷᠢᠯᠬᠢᠯᠡᠨ᠎ᠠ᠃ ᠲᠤᠮᠲᠠᠲᠤ ᠤᠯᠤᠰ ᠦᠷᠬᠦᠯᠵᠢᠯᠡᠡ ᠡᠯ᠎ᠠ ᠪᠦᠷᠢᠯᠲᠦᠭᠦᠨ ᠲᠠᠢ ᠬᠠᠮᠲᠤ ᠪᠠᠷ ᠠᠽᠢᠶ᠎ᠠ ᠲᠢᠪ ᠤᠨ ᠰᠠᠭᠤᠷᠢ ᠲᠦᠬᠦᠭᠡᠷᠦᠮᠵᠢ ᠶᠢᠨ ᠪᠡᠯᠡ ᠤᠷᠤᠭᠤᠯᠤᠯᠲᠠ ᠶᠢᠨ ᠪᠠᠩᠭᠢ ᠶᠢ ᠲᠡᠮᠵᠢᠵᠦ᠂ ᠠᠽᠢᠶ᠎ᠠ ᠲᠢᠪ ᠤᠨ ᠰᠠᠭᠤᠷᠢ ᠲᠦᠬᠦᠭᠡᠷᠦᠮᠵᠢ ᠶᠢᠨ ᠪᠡᠯᠡ ᠤᠷᠤᠭᠤᠯᠤᠯᠲᠠ ᠶᠢᠨ ᠪᠠᠩᠭᠢ ᠶᠢ ᠰᠠᠶᠢᠳᠦᠷ ᠡᠷᠬᠢᠯᠡᠵᠦ᠂ ᠲᠡᠯᠡᠭᠡᠢ ᠨᠡᠶᠢᠳᠡ ᠶᠢᠨ ᠠᠶᠤᠯ ᠲᠦᠭᠰᠢᠬᠦᠷᠢ ᠦᠷᠢᠰᠦᠯᠲᠦᠭᠡᠡ ᠢ ᠠᠷᠭᠠᠴᠠᠭᠠᠬᠤ᠂ ᠬᠠᠮᠲᠤ ᠶᠢᠨ ᠬᠦᠭᠵᠢᠯᠲᠠ ᠶᠢ ᠪᠡᠶᠡᠯᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠠ᠃ ᠠᠽᠢᠶ᠎ᠠ ᠲᠢᠪ ᠤᠨ ᠰᠠᠭᠤᠷᠢ ᠲᠦᠬᠦᠭᠡᠷᠦᠮᠵᠢ ᠶᠢᠨ ᠪᠡᠯᠡ ᠤᠷᠤᠭᠤᠯᠤᠯᠲᠠ ᠶᠢᠨ ᠪᠠᠩᠭᠢ ᠡᠭᠦᠷᠭᠡ ᠬᠠᠷᠢᠭᠤᠴᠠᠯᠭ᠎ᠠ ᠳᠠᠭᠠᠨ ᠦᠯᠦ ᠤᠰᠤᠯᠳᠠᠨ᠂ ᠴᠠᠭ ᠦᠶ᠎ᠠ ᠳᠤ ᠦᠯᠦ ᠤᠰᠤᠯᠳᠠᠨ᠂ ᠤᠯᠠᠨ ᠤ ᠬᠦᠰᠡᠯ ᠨᠠᠶᠢᠳᠠᠯᠭ᠎ᠠ ᠶᠢ ᠦᠯᠦ ᠬᠦᠰᠡᠷᠳᠡᠭᠦᠯᠬᠦ ᠶᠢ ᠬᠦᠰᠡᠵᠦ ᠪᠠᠶᠢᠨ᠎ᠠ᠃      ᠬᠠᠮᠤᠭ ᠰᠡᠭᠦᠯ ᠳᠤ᠂ ᠲᠤᠰ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠲᠡᠭᠦᠰ ᠠᠮᠵᠢᠯᠳᠠ ᠲᠠᠢ ᠶᠠᠪᠤᠭᠳᠠᠬᠤ ᠶᠢ ᠪᠢ ᠴᠢᠩ ᠰᠡᠳᠬᠢᠯ ᠠᠴᠠ ᠪᠠᠨ ᠬᠦᠰᠡᠨ ᠵᠦᠩᠨᠡᠵᠦ ᠪᠠᠶᠢᠨ᠎ᠠ︕      ᠤᠯᠠᠨ ᠳᠤ ᠪᠠᠶᠠᠷᠯᠠᠯ᠎ᠠ᠃      ︵ᠰᠢᠨᠬᠤᠸᠠ ᠬᠤᠷᠢᠶᠠᠨ ᠤ ᠪᠡᠬᠡᠵᠢᠩ ᠤᠨ 7 ᠰᠠᠷ᠎ᠠ ᠶᠢᠨ 28 ᠤ ᠴᠠᠬᠢᠯᠭᠠᠨ ᠮᠡᠳᠡᠭᠡ︶    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号