ᠰᠢᠨᠬᠤᠸᠠ ᠬᠤᠷᠢᠶᠠᠨ ᠤ ᠪᠡᠬᠡᠵᠢᠩ ᠤᠨ 7 ᠰᠠᠷ᠎ᠠ ᠶᠢᠨ 28 ᠤ ᠴᠠᠬᠢᠯᠭᠠᠨ ᠮᠡᠳᠡᠭᠡ ᠤᠯᠠᠨ ᠤᠯᠤᠰ ᠤᠨ | ᠬᠠᠯᠠᠭᠤᠨ ᠴᠦᠮ᠎ᠠ ᠶᠢᠨ ᠬᠤᠷᠠᠯᠳᠠ ᠶᠢᠨ ᠲᠤᠷᠰᠢᠯᠳᠠ ᠶᠢᠨ ᠵᠤᠤᠬ᠎ᠠ ︵ITER︶ ᠶᠢᠨ ᠲᠦᠯᠤᠪᠯᠡᠬᠡᠨ ᠤ ᠴᠢᠬᠤᠯᠠ | ᠶᠡᠭᠡ ᠢᠨᠵᠧᠨᠧᠷᠢᠩ ᠤᠨ ᠤᠭᠰᠠᠷᠠᠵᠤ ᠠᠵᠢᠯᠯᠠᠭᠤᠯᠬᠤ ᠶᠤᠰᠤᠯᠠᠯ 7 ᠰᠠᠷ᠎ᠠ ᠶᠢᠨ 28 ᠤ ᠡᠳᠤᠷ ᠹᠷᠠᠨᠼᠢ ᠳᠠᠬᠢ ᠲᠤᠰ | ᠵᠤᠬᠢᠶᠠᠨ ᠪᠠᠶᠢᠭᠤᠯᠤᠯᠳᠠ ᠶᠢᠨ ᠶᠠᠷᠤᠩᠬᠡᠢ ᠭᠠᠵᠠᠷ ᠲᠤ ᠶᠠᠪᠤᠬᠳᠠᠪᠠ᠃ ᠤᠯᠤᠰ ᠤᠨ ᠲᠡᠷᠢᠬᠦᠯᠡᠭᠴᠢ ᠰᠢ ᠶᠢᠨ ᠫᠢᠩ | ᠪᠠᠶᠠᠷ ᠤᠨ ᠵᠠᠬᠢᠳᠠᠯ ᠢᠯᠡᠬᠡᠵᠡᠢ᠃ | ᠰᠢ ᠶᠢᠨ ᠫᠢᠩ᠂ ᠰᠢᠨᠵᠢᠯᠡᠬᠦ ᠤᠬᠠᠭᠠᠨ ᠳᠤ ᠤᠯᠤᠰ ᠤᠨ ᠬᠢᠯᠢ ᠦᠬᠡᠢ᠂ ᠰᠢᠨ᠎ᠠ ᠶᠢ ᠡᠬᠦᠳᠬᠦ ᠳᠤ ᠦᠵᠦᠭᠦᠷ | ᠬᠢᠵᠠᠭᠠᠷ ᠦᠬᠡᠢ ᠶᠤᠮ᠃ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠠᠮᠳᠤᠷᠠᠯᠴᠠᠭ᠎ᠠ ᠨᠢ | ᠬᠦᠮᠤᠨ ᠲᠦᠷᠤᠯᠬᠢᠳᠠᠨ ᠳᠤ ᠲᠤᠯᠭᠠᠷᠠᠵᠤ ᠪᠠᠶᠢᠭ᠎ᠠ ᠪᠦᠬᠦ ᠪᠦᠮᠪᠦᠷᠴᠡᠭ ᠤᠨ ᠴᠢᠨᠠᠷᠳᠠᠢ ᠦᠷᠢᠰᠤᠯᠳᠤᠬᠡᠨ ᠢ | ᠠᠷᠭᠠᠴᠠᠭᠠᠬᠤ ᠳᠤ ᠲᠦᠢᠯ ᠤᠨ ᠴᠢᠬᠤᠯᠠ ᠠᠴᠢ ᠬᠤᠯᠪᠤᠬᠳᠠᠯ ᠲᠠᠢ᠃ ᠤᠯᠠᠨ ᠤᠯᠤᠰ ᠤᠨ ᠬᠠᠯᠠᠭᠤᠨ ᠴᠦᠮ᠎ᠠ ᠶᠢᠨ | ᠬᠤᠷᠠᠯᠳᠠ ᠶᠢᠨ ᠲᠤᠷᠰᠢᠯᠳᠠ ᠶᠢᠨ ᠵᠤᠤᠬ᠎ᠠ ᠶᠢᠨ ᠲᠦᠯᠤᠪᠯᠡᠭᠡ ᠨᠢ ᠬᠦᠮᠤᠨ ᠲᠦᠷᠤᠯᠬᠢᠳᠠᠨ ᠤ ᠴᠦᠮ᠎ᠠ ᠶᠢᠨ | ᠬᠤᠷᠠᠯᠳᠠ ᠶᠢᠨ ᠡᠨᠧᠷᠬᠢ ᠶᠢ ᠡᠩᠬᠡ ᠲᠠᠶᠢᠪᠤᠩ ᠢᠶᠠᠷ ᠠᠰᠢᠬᠯᠠᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ | ᠠᠴᠢᠶᠠᠯᠠᠵᠤ ᠪᠠᠶᠢᠨ᠎ᠠ᠂ ᠲᠦᠯᠤᠪᠯᠡᠭᠡ ᠶᠢ ᠭᠡᠷᠡᠭᠵᠢᠬᠦᠯᠦᠭᠰᠡᠨ ᠠᠴᠠ ᠨᠠᠭᠠᠰᠢ ᠳᠤᠮᠳᠠᠳᠤ ᠤᠯᠤᠰ ᠢᠮᠠᠬᠳᠠ ᠤᠯᠠᠨ | ᠤᠯᠤᠰ ᠲᠠᠬᠢ ᠠᠮᠠᠯᠠᠯᠳᠠ ᠪᠠᠨ ᠬᠢᠴᠢᠶᠡᠩᠭᠦ᠋ᠢᠯᠡᠨ ᠭᠦᠢᠴᠡᠳᠭᠡᠵᠦ᠂ ᠳᠤᠮᠳᠠᠳᠤ ᠤᠯᠤᠰ ᠤᠨ ᠠᠵᠤ ᠠᠬᠤᠢᠢᠯᠠᠯ | ᠪᠤᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠳ ᠬᠦᠨᠳᠤ ᠡᠬᠦᠷᠬᠡ ᠶᠢ ᠵᠤᠷᠢᠬᠳᠠᠢᠪᠠᠷ ᠡᠬᠦᠷᠬᠡᠯᠠᠨ᠂ | ᠤᠯᠠᠨ ᠤᠯᠤᠰ ᠤᠨ ᠠᠵᠢᠯ ᠨᠢᠭᠡᠳᠡᠨ ᠲᠠᠢ ᠰᠡᠳᠬᠢᠯ ᠨᠢᠬᠡᠳᠤᠨ ᠬᠦᠴᠤ ᠪᠠᠨ ᠬᠠᠮᠳᠤᠳᠬᠠᠵᠤ᠂ ᠲᠦᠯᠤᠪᠯᠡᠭᠡ ᠶᠢ | ᠤᠷᠤᠬᠰᠢᠳᠠᠢ ᠠᠬᠢᠭᠤᠯᠬᠤ ᠳᠤ ᠳᠤᠮᠳᠠᠳᠤ ᠤᠯᠤᠰ ᠤᠨ ᠤᠶᠤᠠ ᠤᠬᠠᠭᠠᠨ ᠪᠠ ᠬᠦᠴᠤᠨ ᠴᠢᠳᠠᠯ ᠢ ᠡᠷᠬᠦᠵᠠᠢ᠃ | ᠠᠷᠪᠡᠨ ᠬᠡᠳᠦᠨ ᠵᠢᠯ ᠤᠨ ᠢᠳᠡᠪᠬᠢᠳᠠᠢ ᠰᠦᠪᠡᠭᠴᠢᠯᠠᠯᠳᠠ ᠪᠤᠯᠤᠨ ᠤᠢᠢᠯᠡᠳᠤᠯᠬᠡ ᠨᠢ ᠨᠡᠬᠡᠬᠡᠯᠳᠡᠳᠤ ᠰᠤᠯᠢᠯᠴᠠᠭ᠎ᠠ ᠬᠢᠬᠦ | ᠪᠤᠯ ᠰᠢᠨᠵᠢᠯᠡᠬᠦ ᠤᠬᠠᠭᠠᠨ ᠤ ᠬᠤᠰᠢᠭᠤᠴᠢ ᠬᠦᠷᠢᠶ᠎ᠠ ᠶᠢ ᠬᠠᠶᠢᠨ ᠰᠦᠪᠡᠭᠴᠢᠯᠡᠬᠦ ᠵᠠᠩᠬᠢᠯᠠᠭ᠎ᠠ ᠶᠢᠨ ᠠᠷᠭ᠎ᠠ ᠵᠠᠮ | ᠪᠤᠯᠬᠤ ᠶᠢ ᠬᠦᠢᠴᠡᠳ ᠭᠡᠷᠡᠴᠢᠯᠡᠭᠰᠡᠨ ᠪᠠᠶᠢᠨ᠎ᠠ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠤᠳᠤᠬᠠᠨ ᠳᠤ ᠲᠠᠯᠡᠬᠡᠢ ᠳ᠋ᠠᠬᠢᠨ ᠶᠠᠭ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ | ᠬᠢᠵᠢᠭ ᠤᠨ ᠪᠠᠶᠢᠳᠠᠯ ᠠᠴᠠ ᠪᠤᠯᠤᠬᠰᠠᠨ ᠬᠦᠨᠳᠤ ᠬᠡᠴᠡᠭᠦᠦ ᠦᠷᠢᠰᠤᠯᠳᠤᠬᠡᠨ ᠳᠤ ᠲᠤᠯᠭᠠᠷᠠᠵᠤ᠂ ᠬᠦᠮᠤᠨ | ᠲᠦᠷᠤᠯᠬᠢᠳᠠᠨ ᠦᠩᠬᠡᠷᠡᠭᠰᠡᠨ ᠤ ᠠᠯᠢ ᠴᠤ ᠦᠶ᠎ᠠ ᠠᠴᠠ ᠢᠯᠡᠭᠦᠦ ᠭᠠᠷ ᠬᠤᠯᠪᠤᠨ ᠤᠷᠤᠬᠰᠢᠯᠠᠵᠤ ᠬᠠᠳᠠᠭᠤ | ᠪᠡᠷᠬᠡᠰᠢᠶᠠᠯ ᠢ ᠬᠠᠮᠳᠤ ᠪᠠᠷ ᠲᠤᠭᠤᠯᠬᠤ ᠶᠢ ᠱᠠᠭᠠᠷᠳᠠᠵᠤ ᠪᠠᠶᠢᠨ᠎ᠠ᠃ ᠳᠤᠮᠳᠠᠳᠤ ᠤᠯᠤᠰ ᠲᠤᠷᠠᠳᠠᠶ᠎ᠠ ᠡᠯ᠎ᠠ | ᠲᠠᠯ᠎ᠠ ᠶᠢᠨ ᠬᠢᠨ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠰᠤᠯᠢᠯᠴᠠᠭ᠎ᠠ ᠬᠠᠮᠳᠤᠷᠠᠯᠴᠠᠭ᠎ᠠ ᠪᠠᠨ ᠦᠷᠭᠦᠯᠵᠢᠯᠡᠨ | ᠴᠢᠩᠭᠠᠳᠬᠠᠵᠤ᠂ ᠬᠦᠴᠦ ᠪᠠᠨ ᠬᠠᠮᠳᠤᠳᠬᠠᠨ ᠴᠢᠬᠤᠯᠠ ᠶᠡᠭᠡ ᠵᠠᠩᠬᠢᠯᠠᠭ᠎ᠠ ᠶᠢᠨ ᠰᠢᠨᠵᠢᠯᠡᠬᠦ ᠤᠬᠠᠭᠠᠨ ᠪᠤᠯᠤᠨ | ᠲᠧᠭᠨᠢᠭ ᠮᠡᠷᠬᠡᠵᠢᠯ ᠤᠨ ᠰᠢᠪᠳᠤᠯᠤᠯᠳᠠ ᠬᠢᠵᠦ᠂ ᠪᠦᠬᠦ ᠪᠦᠮᠪᠦᠷᠴᠡᠭ ᠤᠨ ᠰᠢᠨᠵᠢᠯᠡᠬᠦ ᠤᠬᠠᠭᠠᠨ ᠲᠧᠭᠨᠢᠭ | ᠮᠡᠷᠬᠡᠵᠢᠯ ᠤᠨ ᠰᠢᠨ᠎ᠠ ᠡᠭᠦᠳᠦᠯᠳᠡ ᠶᠢ ᠠᠬᠢᠭᠤᠯᠵᠤ᠂ ᠡᠯ᠎ᠠ ᠤᠯᠤᠰ ᠤᠨ ᠠᠷᠠᠳ ᠲᠦᠮᠡᠨ ᠤ ᠠᠵᠠ ᠵᠢᠷᠭᠠᠯ ᠢ | ᠨᠡᠮᠡᠭᠳᠡᠬᠦᠯᠬᠦ᠂ ᠪᠦᠬᠦ ᠪᠦᠮᠪᠦᠷᠴᠡᠭ ᠤᠨ ᠦᠷᠬᠦᠯᠵᠢᠯᠡᠬᠦ ᠬᠦᠭᠵᠢᠯᠳᠠ ᠶᠢ ᠪᠡᠶᠡᠯᠡᠬᠦᠯᠬᠦ ᠳᠤ ᠲᠠᠰᠤᠷᠠᠯᠳᠠ ᠦᠬᠡᠢ ᠰᠢᠨ᠎ᠠ | ᠬᠤᠪᠢ ᠨᠡᠮᠡᠷᠢ ᠦᠵᠡᠬᠦᠯᠤᠨ᠎ᠠ ᠬᠡᠵᠤ ᠴᠢᠬᠤᠯᠠᠴᠢᠯᠠᠪᠠ᠃ | ᠤᠯᠠᠨ ᠤᠯᠤᠰ ᠤᠨ ᠬᠠᠯᠠᠭᠤᠨ ᠴᠦᠮ᠎ᠠ ᠶᠢᠨ ᠬᠤᠷᠠᠯᠳᠠ ᠶᠢᠨ ᠲᠤᠷᠰᠢᠯᠳᠠ ᠶᠢᠨ ᠵᠤᠤᠬ᠎ᠠ ᠶᠢᠨ ᠲᠦᠯᠤᠪᠯᠡᠭᠡ | ᠪᠤᠯ ᠡᠳᠦᠭᠡ ᠶᠢᠨ ᠲᠡᠯᠡᠬᠡᠢ ᠳ᠋ᠠᠬᠢᠨ ᠤ ᠬᠡᠪᠴᠢᠶ᠎ᠠ ᠪᠠᠷ ᠬᠠᠮᠤᠬ ᠤᠨ ᠶᠡᠭᠡ᠂ ᠨᠦᠯᠤᠬᠡ ᠪᠠᠷ ᠬᠠᠮᠤᠬ ᠤᠨ ᠬᠦᠨ | ᠬᠦᠨᠵᠡᠬᠡᠢ ᠤᠯᠠᠨ ᠤᠯᠤᠰ ᠤᠨ ᠲᠤᠮᠤ ᠰᠢᠨᠵᠢᠯᠡᠬᠦ ᠤᠬᠠᠭᠠᠨ ᠤ ᠢᠨᠵᠧᠨᠧᠷᠢᠩ ᠪᠤᠯᠤᠨ᠎ᠠ᠂ ᠮᠠᠨ ᠤ ᠤᠯᠤᠰ 2006 | ᠤᠨ ᠳᠤ ᠵᠢᠩᠬᠢᠨᠢ ᠪᠠᠷ ᠬᠡᠷ᠎ᠠ ᠲᠤᠬᠢᠷᠠᠯᠴᠠᠵᠤ ᠲᠤᠰ ᠲᠦᠯᠤᠪᠯᠡᠭᠡ ᠳᠤ ᠤᠷᠤᠵᠠᠢ᠃ | |