ᠤᠷᠳᠤᠰ ᠬᠤᠲᠠ ᠶᠢᠨ ᠮᠤᠩᠭᠤᠯ ᠦᠨᠳᠦᠰᠦᠳᠡᠨ ᠤ ᠬᠤᠶᠠᠳᠤᠭᠠᠷ ᠲᠤᠮᠳᠠᠲᠤ ᠰᠤᠷᠭᠠᠭᠤᠯᠢ ᠶᠢᠨ 96 ᠰᠣᠷᠣᠭᠴᠢ ᠴᠦᠮ ᠬᠦᠰᠡᠭᠰᠡᠨ ᠰᠤᠷᠭᠠᠭᠤᠯᠢ ᠳᠤ ᠪᠠᠨ ᠲᠠᠪᠰᠢᠨ ᠤᠷᠤᠯ᠎ᠠ
ᠨᠡᠶᠢᠲᠡᠯᠡᠭᠰᠡᠨ ᠴᠠᠭ᠄
2020-07-30
     ᠡᠨᠡ ᠵᠢᠯ ᠤᠷᠳᠤᠰ ᠬᠤᠲᠠ ᠶᠢᠨ ᠮᠤᠩᠭᠤᠯ ᠦᠨᠳᠤᠰᠦᠳᠡᠨ ᠤ ᠬᠤᠶᠠᠳᠤᠭᠠᠷ ᠲᠤᠮᠳᠠᠲᠤ ᠰᠤᠷᠭᠠᠭᠤᠯᠢ ᠶᠢᠨ 96 ᠰᠣᠷᠣᠭᠴᠢ ᠤᠯᠤᠰ ᠤᠨ ᠨᠢᠬᠡᠳᠦᠯᠳᠡᠢ ᠰᠢᠯᠭᠠᠯᠳᠠ ᠳᠤ ᠲᠦᠷᠪᠡᠨ ᠲᠠᠯᠠᠪᠠᠢ ᠬᠤᠪᠢᠶᠠᠨ ᠤᠷᠤᠯᠴᠠᠵᠤ ᠦᠪᠡᠷ ᠦᠪᠡᠷ ᠤᠨ ᠮᠡᠳᠡᠯᠬᠡ ᠤᠶᠤᠨ ᠢᠶᠠᠨ  ᠰᠤᠷᠢᠨ ᠨᠡᠶᠢᠬᠡᠮ ᠤᠨ ᠰᠢᠨᠵᠢᠯᠡᠬᠦ ᠤᠬᠠᠭᠠᠨ ᠤ ᠲᠦᠷᠦᠯ ᠳᠤ ᠴᠡᠩᠭᠡᠷᠴᠡᠴᠡᠭ 486 ᠬᠤᠪᠢ ᠪᠠᠷ ᠲᠡᠷᠢᠬᠦᠯᠡᠵᠦ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠦᠷᠦᠯ ᠳᠤ ᠬᠢᠯᠪᠠᠭᠠᠨ 449 ᠬᠤᠪᠢ ᠪᠠᠷ ᠰᠤᠷᠭᠠᠭᠤᠯᠢ ᠳᠤ ᠪᠠᠨ ᠲᠡᠷᠢᠬᠦᠯᠡᠯ᠎ᠡ᠃ ᠰᠤᠷᠪᠤᠯᠵᠢᠯᠠᠭᠴᠢ ᠤᠷᠳᠤᠰ ᠬᠤᠲᠠ ᠶᠢᠨ ᠮᠤᠩᠭᠤᠯ ᠦᠨᠳᠦᠰᠦᠳᠡᠨ ᠤ ᠬᠤᠶᠠᠳᠤᠭᠠᠷ ᠲᠤᠮᠳᠠᠲᠤ ᠰᠤᠷᠭᠠᠭᠤᠯᠢ ᠳᠤ ᠬᠦᠷᠬᠦ ᠳᠤ ᠪᠠᠭᠰᠢ ᠨᠠᠷ ᠶᠠᠭ ᠰᠤᠷᠤᠭᠴᠢᠳ ᠢᠶᠠᠨ ᠵᠤᠬᠢᠶᠠᠨ ᠪᠠᠶᠢᠭᠤᠯᠵᠤ ᠰᠦᠯᠵᠢᠶᠡᠨ ᠳᠡᠭᠡᠷ᠎ᠡ ᠬᠡᠷᠬᠢᠨ ᠡᠷᠡᠮᠡᠯᠵᠡᠯ ᠲᠠᠭᠯᠠᠵᠤ ᠲᠤᠰᠬᠠᠢ ᠮᠡᠷᠬᠡᠵᠢᠯ ᠢᠶᠠᠨ ᠰᠤᠩᠭᠤᠬᠤ ᠶᠢ ᠨᠠᠷᠢᠨ ᠲᠤᠳᠤᠷᠬᠠᠢ ᠲᠠᠶᠢᠯᠪᠤᠷᠢᠯᠠᠨ ᠵᠢᠭᠠᠵᠤ ᠪᠠᠶᠢᠯ᠎ᠠ᠃ ᠤᠶᠢᠯᠠᠭᠠᠭᠰᠠᠨ ᠢᠶᠠᠷ 96 ᠰᠤᠷᠤᠭᠴᠢ ᠠᠴᠠ ᠵᠢᠩᠬᠢᠨᠢ ᠠᠩᠬᠢ ᠶᠢᠨ ᠨᠢᠬᠡᠳᠦᠬᠡᠷ ᠪᠦᠯᠦᠭ ᠲᠤ 15 ᠰᠤᠷᠤᠭᠴᠢ᠂ ᠵᠢᠩᠬᠢᠨᠢ ᠠᠩᠬᠢ ᠶᠢᠨ ᠬᠤᠶᠠᠳᠤᠭᠠᠷ ᠪᠦᠯᠦᠭ ᠲᠤ 55 ᠰᠤᠷᠤᠭᠴᠢ ᠡᠯᠰᠡᠭᠳᠡᠨ ᠲᠡᠭᠡᠲᠤ ᠵᠡᠷᠭᠡ ᠶᠢᠨ ᠲᠤᠰᠬᠠᠢ ᠮᠡᠷᠬᠡᠵᠢᠯ ᠤᠨ ᠠᠩᠬᠢ  ᠳᠤ 26 ᠰᠤᠷᠤᠭᠴᠢ ᠡᠯᠰᠡᠭᠳᠡᠨ ᠤᠷᠤᠵᠤ ᠪᠦᠬᠦᠳᠡᠭᠡᠷ ᠬᠦᠰᠡᠭᠰᠡᠨ ᠰᠤᠷᠭᠠᠭᠤᠯᠢ ᠳᠤ ᠪᠠᠨ ᠲᠠᠪᠰᠢᠨ ᠤᠷᠤᠭᠰᠠᠨ ᠪᠠᠶᠢᠨ᠎ᠠ᠃      ᠰᠤᠷᠤᠭᠴᠢ ᠬᠢᠯᠪᠠᠭᠠᠨ᠄ ︽ᠰᠢᠯᠭᠠᠯᠳᠠ ᠠᠴᠠ ᠡᠮᠦᠨ᠎ᠡ ᠰᠠᠨᠳᠤᠷᠤᠭᠰᠠᠨ ᠰᠡᠳᠬᠢᠯᠬᠡ ᠪᠠᠨ ᠲᠠᠷᠤᠬᠤ ᠶᠢᠨ ᠲᠦᠯᠦᠭᠡ ᠦᠷᠯᠦᠬᠡ ᠳᠤ ᠪᠠᠨ ᠤᠷᠤᠢ ᠰᠢᠭ᠋ ᠪᠤᠰᠳᠠᠭ᠃ ᠤᠷᠤᠢ ᠪᠤᠰᠤᠯ᠎ᠠ ᠬᠡᠰᠡᠨ ᠴᠣ᠋ 6 ᠴᠠᠭ ᠠᠴᠠ ᠡᠮᠦᠨ᠎ᠡ ᠠᠩᠬᠢ ᠳᠤ ᠪᠠᠨ ᠤᠴᠢᠵᠦ ᠨᠤᠮ ᠢᠶᠠᠨ ᠦᠵᠡᠬᠡᠳ ᠴᠡᠬᠡᠵᠢᠯᠡᠬᠦ ᠴᠢᠬᠤᠯᠠᠳᠠᠢ ᠪᠠᠨ ᠦᠵᠡᠨ᠎ᠡ᠃ ᠪᠠᠶᠢᠭᠠᠯᠢ ᠶᠢᠨ ᠰᠢᠨᠵᠢᠯᠡᠬᠦ ᠤᠬᠠᠭᠠᠨ ᠰᠤᠷᠴᠤ ᠪᠠᠶᠢᠬᠤ ᠤᠴᠢᠷ ᠠᠴᠠ ᠭᠤᠤᠯᠳᠠᠭᠤ ᠲᠤᠮᠢᠶ᠎ᠠ᠂ ᠠᠮᠢᠳᠤ ᠪᠤᠳᠠᠰ ᠴᠡᠭᠡᠵᠢᠯᠡᠬᠦ ᠠᠴᠠ ᠭᠠᠳᠠᠨ᠎ᠠ ᠮᠤᠩᠭᠤᠯ ᠬᠡᠯᠡ᠂ ᠡᠷᠳᠡᠨ ᠤ ᠬᠡᠯᠡ ᠪᠠᠨ ᠰᠠᠶᠢᠨ ᠴᠡᠬᠡᠵᠢᠯᠡᠭᠰᠡᠨ ᠶᠤᠮ᠃ ᠪᠢ 449 ᠬᠤᠪᠢ ᠰᠢᠯᠭᠠᠵᠦ ᠰᠢᠯᠭᠠᠬᠤ ᠬᠡᠰᠡᠨ ᠬᠤᠪᠢ ᠳᠤ ᠪᠠᠨ ᠬᠦᠷᠴᠦ ᠴᠢᠳᠠᠭ᠎ᠠ ᠦᠬᠡᠢ ᠰᠠᠨᠠᠭ᠎ᠠ ᠳᠤᠮᠳᠠᠬᠠᠨ ᠪᠠᠶᠢᠵᠦ ᠲᠦᠰᠦᠬᠡᠯᠡᠭᠰᠡᠨ ᠳᠤ ᠪᠠᠨ ᠬᠦᠷᠴᠦ ᠴᠢᠳᠠᠭ᠎ᠠ ᠦᠬᠡᠢ᠃ ᠤᠳᠤ ᠶᠡᠭᠡ ᠰᠤᠷᠭᠠᠭᠤᠯᠢ ᠳᠤ ᠪᠠᠨ ᠲᠤᠰᠬᠠᠢ ᠮᠡᠷᠭᠡᠵᠢᠯ ᠢᠶᠠᠨ ᠰᠤᠷᠤᠭᠠᠳ ᠬᠤᠵᠢᠮ ᠤᠨ ᠵᠠᠮ ᠢᠶᠠᠨ ᠡᠬᠢᠯᠡᠬᠦᠯᠦᠶ᠎ᠡ ᠬᠡᠵᠦ ᠪᠤᠳᠤᠵᠤ ᠪᠠᠶᠢᠨ᠎ᠠ︾ ᠬᠡᠪᠡ᠃       ᠰᠤᠷᠤᠭᠴᠢ ᠮᠦᠴᠢᠷ᠄ ︽ᠰᠢᠯᠭᠠᠯᠳᠠ ᠠᠴᠠ ᠡᠮᠦᠨ᠎ᠡ ᠬᠢᠷᠢ ᠪᠦᠲᠦᠮᠵᠢ ᠪᠠᠷ ᠪᠠᠨ ᠠᠪᠤ ᠡᠵᠢ ᠶᠢ ᠪᠠᠨ ᠪᠠᠶᠠᠰᠬᠠᠶ᠎ᠠ ᠬᠡᠵᠦ ᠪᠤᠳᠤᠭᠠᠳ ᠡᠷᠳᠡ ᠪᠤᠰᠴᠤ ᠲᠡᠪᠳᠡᠷ ᠨᠤᠮ ᠢᠶᠠᠨ ᠦᠵᠡᠬᠡᠳ ᠮᠡᠳᠡᠯᠬᠡ ᠪᠠᠨ ᠪᠠᠳᠤᠳᠬᠠᠵᠤ ᠵᠢᠭᠠᠬᠠᠨ ᠲᠠᠷᠤᠭᠠᠰᠤ ᠲᠠᠢ ᠪᠠᠶᠢᠪᠠ᠃ ᠪᠠᠭᠰᠢ ᠪᠢᠳᠠᠨ ᠢ ᠲᠠᠷᠤᠭᠠᠰᠤ ᠠᠪᠴᠤ ᠪᠤᠯᠬᠤ ᠦᠬᠡᠢ ᠬᠡᠮᠡᠨ ᠲᠠᠶᠢᠪᠤᠰᠢᠷᠠᠭᠤᠯᠵᠤ ᠪᠠᠶᠢᠭᠰᠠᠨ ᠠᠴᠠ ᠪᠢ ᠰᠡᠳᠬᠢᠯ  ᠳᠤ ᠪᠠᠨ ᠶᠡᠭᠡ ᠲᠠᠷᠤᠭᠠᠰᠤ ᠠᠪᠤᠭᠰᠠᠨ ᠦᠬᠡᠢ ᠡᠩ ᠤᠨ ᠪᠠᠶᠢᠳᠠᠯ ᠢᠶᠠᠷ ᠰᠢᠯᠭᠠᠭᠤᠯᠵᠠᠢ᠃ ᠴᠢᠯᠦᠭᠡ ᠲᠠᠯᠪᠢᠭᠠᠳ ᠪᠢ ᠬᠦᠳᠡᠭᠡ ᠳᠤ ᠪᠠᠨ ᠬᠠᠷᠢᠵᠤ ᠠᠪᠤ ᠡᠵᠢ ᠪᠠᠨ ᠬᠠᠪᠰᠤᠷᠪᠠ᠃ ᠡᠨᠡ ᠤᠳᠠᠭ᠎ᠠ ᠺᠤᠮᠫᠢᠦᠲ᠋ᠧᠷ᠂ ᠭᠠᠷ ᠤᠳᠠᠰᠤ ᠪᠠᠷ ᠲᠤᠰᠬᠠᠢ ᠮᠡᠷᠭᠡᠵᠢᠯ ᠢᠶᠠᠨ ᠬᠡᠷᠭᠢᠨ ᠰᠤᠩᠭᠤᠬᠤ ᠲᠤᠬᠠᠢ ᠪᠡᠯᠡᠳᠬᠡᠯ ᠬᠢᠵᠦ ᠲᠠᠷᠠᠭ᠎ᠠ ᠨᠢ ᠲᠡᠭᠡᠲᠤ ᠰᠤᠷᠭᠠᠭᠤᠯᠢ ᠳᠤ ᠶᠠᠪᠤᠬᠤ ᠪᠡᠯᠡᠳᠭᠡᠯ ᠢᠶᠠᠨ ᠬᠢᠨ᠎ᠡ᠃ ᠲᠡᠭᠡᠲᠤ ᠰᠤᠷᠭᠠᠭᠤᠯᠢ ᠪᠤᠯ ᠨᠢᠬᠡ ᠬᠦᠮᠦᠨ ᠤ ᠪᠡᠶ᠎ᠡ ᠪᠠᠨ ᠲᠠᠭᠠᠭᠠᠬᠤ ᠴᠢᠳᠠᠪᠤᠷᠢ ᠶᠢ ᠰᠢᠯᠭᠠᠳᠠᠭ ᠴᠠᠭ᠂ ᠲᠡᠭᠡᠬᠦᠯᠡᠷ ᠲᠤᠰᠬᠠᠢ ᠮᠡᠷᠭᠡᠵᠢᠯ ᠢᠶᠠᠨ ᠰᠠᠶᠢᠨ ᠰᠤᠷᠬᠤ ᠦᠬᠡᠢ ᠪᠤᠯ ᠨᠡᠶᠢᠬᠡᠮ ᠳᠡᠭᠡᠷ᠎ᠡ ᠲᠦᠰᠢᠭ ᠦᠬᠡᠢ᠂ ᠴᠢᠭᠯᠡᠬᠦᠷ ᠦᠬᠡᠢ ᠵᠦᠭᠯᠡᠬᠦᠷ ᠰᠢᠭ ᠪᠤᠯᠤᠨ᠎ᠠ︾ ᠭᠡᠵᠦ ᠪᠠᠶᠢᠪᠠ᠃      ᠰᠤᠷᠤᠭᠴᠢ ᠴᠡᠩᠭᠡᠷᠴᠡᠴᠡᠭ᠄ ︽ᠴᠢᠷᠮᠠᠶᠢᠯᠭ᠎ᠠ ᠬᠦᠮᠦᠨ ᠢ ᠭᠤᠮᠤᠳᠠᠭᠠᠳᠠᠭ ᠦᠬᠡᠢ ᠬᠡᠰᠡᠨ ᠶᠤᠰᠤ ᠤᠬᠠᠭᠠᠨ ᠢ ᠪᠢ ᠦᠢᠯᠡᠳᠦᠯᠬᠡ ᠪᠠᠷ ᠬᠡᠷᠡᠴᠢᠯᠡᠵᠡᠢ᠃ ᠪᠢ ᠨᠤᠶᠢᠷ ᠢᠶᠠᠨ ᠬᠠᠶᠠᠵᠤ ᠪᠤᠰᠤᠭᠰᠠᠨ ᠤ ᠳ᠋ᠦᠩ ᠳᠤ ᠦᠨᠦᠳᠦᠷ ᠤᠨ ᠦᠷ᠎ᠡ ᠪᠦᠲᠦᠮᠵᠢ ᠶᠢ ᠠᠪᠴᠢᠷᠠᠭᠰᠠᠨ ᠶᠤᠮ᠃ ᠲᠠᠷᠠᠭᠠᠴᠢ ᠶᠢᠨ ᠤᠳᠠᠭᠠᠨ ᠤ ᠲᠡᠭᠡᠲᠤ ᠰᠢᠯᠭᠠᠯᠳᠠ ᠳᠤ ᠤᠷᠤᠯᠴᠠᠬᠤ ᠲᠡᠬᠦᠦ ᠨᠠᠷ  ᠲᠤ ᠪᠠᠨ ᠤᠳᠤ ᠶᠢᠨ ᠬᠢᠷᠢ ᠪᠦᠲᠦᠮᠵᠢ ᠰᠠᠨᠠᠭᠠᠨ ᠳᠤ ᠴᠢᠨᠢ ᠬᠦᠷᠬᠦ ᠦᠬᠡᠢ ᠴᠤ ᠢᠷᠡᠬᠦ ᠨᠢᠬᠡᠨ ᠵᠢᠯ ᠳᠤ ᠪᠠᠨ ᠴᠦᠬᠦᠷᠦᠯ ᠦᠬᠡᠢ ᠴᠢᠷᠮᠠᠶᠢᠪᠠᠯ ᠰᠢᠯᠭᠠᠯᠳᠠ ᠶᠢᠨ ᠬᠤᠪᠢ ᠭᠠᠷᠬᠤ ᠡᠳᠦᠷ ᠴᠢᠮ᠎ᠠ ᠳᠤ ᠪᠠᠶᠠᠷ ᠵᠢᠷᠭᠠᠯ ᠪᠤᠯᠵᠤ ᠢᠷᠡᠨ᠎ᠡ ᠭᠡᠵᠦ ᠰᠠᠨᠠᠭᠤᠯᠤᠶ᠎ᠠ︾ ᠭᠡᠪᠡ᠃      ᠬᠡᠷ ᠤᠨ ᠠᠬᠠᠮᠠᠳ ᠨᠤᠮᠢᠨ᠄ ︽ᠪᠢᠳᠠ ᠬᠦᠳᠡᠭᠡ ᠳᠤ ᠪᠠᠨ ᠪᠠᠶᠢᠬᠤ ᠤᠴᠢᠷ ᠠᠴᠠ ᠬᠡᠤᠭᠡᠳ ᠤᠨ ᠢᠶᠠᠨ ᠰᠤᠷᠤᠯᠭ᠎ᠠ  ᠳᠤ ᠶᠡᠭᠡ ᠲᠤᠰᠠ ᠳᠡᠮ ᠪᠤᠯᠵᠦ ᠳᠡᠶᠢᠯᠬᠦ ᠦᠬᠡᠢ᠂ ᠰᠤᠷᠤᠯᠭ᠎ᠠ ᠶᠢᠨ ᠬᠠᠮᠢᠶ᠎ᠠ ᠲᠠᠢ ᠵᠢᠭᠠᠵᠤ ᠰᠤᠷᠭᠠᠬᠤ ᠶᠢ ᠶᠡᠭᠡ ᠮᠡᠳᠡᠬᠦ ᠦᠬᠡᠢ᠂ ᠡᠨᠡ ᠤᠳᠠᠭᠠᠨ ᠤ ᠰᠢᠯᠭᠠᠯᠳᠠ ᠳᠤ ᠦᠪᠡᠷ ᠢᠶᠠᠨ ᠪᠡᠶ᠎ᠡ ᠪᠠᠨ ᠳᠠᠭᠠᠭᠠᠵᠦ ᠴᠢᠷᠮᠠᠶᠢᠵᠦ ᠪᠠᠶᠢᠭᠠᠳ ᠰᠢᠯᠢᠳᠡᠭ ᠬᠢᠷᠢ ᠪᠦᠲᠦᠮᠵᠢ ᠤᠯᠤᠭᠰᠠᠨ ᠪᠤᠯᠬᠤᠷ ᠪᠠᠶᠠᠷᠯᠠᠵᠤ ᠪᠠᠶᠢᠨ᠎ᠠ᠃ ᠪᠤᠰᠤᠳ ᠰᠤᠷᠤᠭᠴᠢ ᠴᠤ ᠶᠠᠮᠠᠷ ᠰᠢᠯᠭᠠᠭᠰᠠᠨ ᠴᠤ ᠪᠦᠷ ᠬᠠᠮᠢᠶ᠎ᠠ ᠦᠬᠡᠢ᠂ ᠬᠤᠵᠢᠮ ᠡᠬᠡ ᠤᠯᠤᠰ᠂ ᠪᠠᠭᠰᠢ ᠲᠠᠢ ᠪᠠᠨ ᠬᠠᠶᠢᠷ᠎ᠠ ᠬᠠᠯᠠᠮᠵᠢ ᠲᠠᠢ ᠰᠠᠶᠢᠬᠠᠨ ᠶᠠᠪᠤᠬᠤ ᠶᠢ ᠪᠦᠬᠦ ᠬᠡᠷ ᠤᠨ ᠠᠬᠠᠮᠠᠳ ᠬᠦᠰᠡᠵᠦ ᠪᠠᠶᠢᠬᠤ ᠡ ᠬᠡᠵᠦ ᠪᠤᠳᠤᠵᠦ ᠪᠠᠶᠢᠨ᠎ᠠ︾ ᠭᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号