ᠠᠷᠢᠭᠤᠨ᠎ᠠ ᠵᠢᠷᠤᠭ ᠪᠦᠲᠣᠭᠡᠯ ᠢᠶᠠᠷ ᠢᠶᠠᠨ ᠪᠣᠯᠪᠠᠰᠣᠨ ᠬᠤᠲᠠ ᠶᠢᠨ ᠪᠠᠶᠢᠭᠤᠯᠣᠯᠲᠠ ᠶᠢ ᠴᠢᠮᠡᠵᠥ ᠪᠠᠶᠢᠨ᠎ᠠ
ᠨᠡᠶᠢᠲᠡᠯᠡᠭᠰᠡᠨ ᠴᠠᠭ᠄
2020-07-30
     ᠭᠠᠯᠠᠭᠤᠲᠣ ᠪᠠᠯᠭᠠᠰᠣᠨ ᠤ ᠵᠠᠰᠠᠭ ᠤᠨ ᠣᠷᠳᠣᠨ ᠳᠤ ᠠᠵᠢᠯ ᠲᠠᠢ ᠵᠢᠷᠣᠭᠴᠢᠨ ᠠᠷᠢᠭᠤᠨ᠎ᠠ ᠦᠪᠡᠷ‌‍ᠦᠨ ᠣᠷᠠᠨ ᠵᠢᠷᠤᠭ ᠤᠨ ᠪᠦᠳᠣᠭᠡᠯ ᠢᠶᠠᠷ ᠪᠠᠯᠭᠠᠰᠣᠨ ᠳᠣᠭᠤᠷᠢᠭ ᠤᠨ ᠵᠡᠭᠡᠯᠢ ᠭᠤᠳᠣᠮᠵᠢ ᠶᠢ ᠴᠢᠮᠡᠭᠯᠡᠵᠥ ᠪᠣᠯᠪᠠᠰᠣᠨ ᠬᠤᠲᠠ ᠶᠢᠨ ᠡᠬᠦᠳᠣᠨ ᠪᠠᠶᠢᠭᠤᠯᠣᠯᠳᠠ ᠶᠢᠨ ᠠᠵᠢᠯ ᠳᠤ ᠦᠪᠡᠷ ᠤᠨ ᠢᠶᠠᠨ ᠤᠷ᠎ᠠ ᠠᠪᠢᠶᠠᠰ ᠢᠶᠠᠨ ᠪᠠᠳᠠᠷᠠᠭᠠᠨ ᠬᠦᠴᠣᠨ ᠴᠢᠳᠠᠯ ᠢᠶᠠᠨ ᠨᠠᠮᠠᠷᠢᠯᠠᠵᠣ ᠪᠠᠶᠢᠨ᠎ᠠ᠃      ᠮᠠᠨ ᠤ ᠬᠤᠰᠢᠭᠤ ᠪᠦᠬᠦ ᠤᠯᠤᠰ ᠤᠨ ᠬᠤᠰᠢᠭᠤ ᠰᠢᠶᠠᠨ ᠤ ᠳᠡᠰ ᠤᠨ ᠪᠣᠯᠪᠠᠰᠣᠨ ᠬᠤᠲᠠ ᠶᠢᠨ ᠡᠭᠦᠳᠣᠨ ᠪᠠᠶᠢᠭᠤᠯᠣᠯᠲᠠ ᠶᠢᠨ ᠠᠵᠢᠯ ᠢ ᠡᠷᠴᠢᠮ ᠲᠠᠢ ᠠᠳᠬᠤᠵᠣ ᠪᠠᠶᠢᠭ᠎ᠠ ᠵᠠᠩᠭᠢᠯᠠᠭ᠎ᠠ ᠶᠢᠨ ᠮᠦᠴᠡ ᠳᠤ ᠭᠠᠯᠠᠭᠤᠳᠣ ᠪᠠᠯᠭᠠᠰᠣᠨ ᠤ ᠵᠡᠬᠡᠯᠢ ᠭᠤᠳᠣᠮᠵᠢ ᠶᠢᠨ ᠳᠣᠨᠣᠯᠵᠢᠨ ᠵᠡᠮ ᠳᠡᠭᠡᠷ᠎ᠡ ᠪᠠᠶᠢᠭ᠎ᠠ ᠴᠢᠮᠡᠭᠡ ᠬᠤᠯᠪᠣᠭᠠᠨ ᠤ ᠬᠠᠶᠢᠷᠴᠠᠭ ᠨᠢ ᠣᠶᠢᠷ᠎ᠠ ᠣᠷᠴᠢᠮ ᠤᠨ ᠦᠡᠭᠬᠡ ᠦᠵᠡᠮᠵᠢ ᠲᠠᠢ ᠡᠶ᠎ᠡ ᠵᠣᠬᠢᠴᠠᠯᠳᠣᠭ᠍ᠰᠠᠨ ᠭᠤᠶᠣ ᠰᠠᠶᠢᠬᠠᠨ ᠵᠢᠷᠤᠭ ᠢᠶᠠᠷ ᠴᠢᠮᠡᠭᠳᠡᠨ ᠵᠢᠷᠣᠭᠳᠠᠵᠣ ᠬᠦᠮᠣᠰ ᠤᠨ ᠳᠤᠷ᠎ᠠ ᠪᠠᠬ᠎ᠠ ᠶᠢ ᠳᠠᠳᠠᠵᠣ ᠪᠠᠶᠢᠯ᠎ᠠ᠃
     ᠭᠠᠯᠠᠭᠤᠲᠣ ᠪᠠᠯᠭᠠᠰᠣᠨ ᠤ ᠰᠠᠭᠤᠭᠠᠯᠢ ᠠᠷᠠᠳ ᠨᠠᠬᠢᠶ᠎ᠠ᠄ ︽ᠡᠳᠡᠭᠡᠷ ᠵᠢᠷᠤᠭ ᠨᠢ ᠦᠦᠰᠢᠨ ᠤ ᠣᠷᠴᠢᠨ ᠠᠬᠤᠢ ᠶᠢ ᠮᠠᠰᠢ ᠰᠠᠶᠢᠬᠠᠨ ᠲᠤᠰᠬᠠᠵᠤ ᠴᠢᠳᠠᠭᠰᠠᠨ ᠮᠦᠷᠲᠡᠭᠡᠨ ᠪᠤᠯᠪᠠᠰᠤᠨ ᠬᠤᠲᠠ ᠶᠢ ᠪᠦᠲᠤᠭᠡᠨ ᠪᠠᠶᠢᠭᠤᠯᠬᠤ ᠳᠤ ᠥᠩᠭᠡ ᠦᠵᠡᠮᠵᠢ ᠨᠡᠮᠡᠵᠤ ᠮᠠᠰᠢ ᠰᠠᠶᠢᠬᠠᠨ ᠵᠢᠷᠤᠭᠰᠠᠨ ᠵᠢᠷᠤᠭ ᠪᠠᠶᠢᠨ᠎ᠠ︾ ᠭᠡᠪᠡ᠃ᠭᠠᠯᠠᠭᠤᠲᠤ ᠪᠠᠯᠭᠠᠰᠤᠨ ᠤ ᠵᠠᠰᠠᠭ ᠤᠨ ᠣᠷᠳᠣᠨ ᠳᠤ ᠠᠵᠢᠯᠯᠠᠵᠣ ᠪᠠᠶᠢᠭ᠎ᠠ ᠵᠠᠯᠠᠭᠤ ᠵᠢᠷᠤᠭᠴᠢᠨ ᠠᠷᠢᠭᠤᠨ᠎ᠠ ᠪᠦᠬᠦ ᠤᠯᠤᠰ ᠤᠨ ᠬᠤᠰᠢᠭᠤ ᠰᠢᠶᠠᠨ ᠤ ᠳᠡᠰ ᠤᠨ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠲᠠ ᠶᠢᠨ ᠠᠵᠢᠯ ᠳᠤ ᠰᠠᠶᠢᠨ ᠳᠤᠷ᠎ᠠ ᠠᠴᠠ ᠪᠠᠨ ᠣᠷᠣᠯᠴᠠᠵᠣ ᠳᠣᠰᠬᠠᠢ ᠵᠢᠷᠤᠭ ᠤᠨ ᠳᠣᠭᠤᠶᠢᠯᠠᠩ ᠢ ᠪᠠᠶᠢᠭᠤᠯᠣᠨ ᠡᠯ᠎ᠡ ᠵᠡᠬᠡᠯᠢ ᠭᠤᠳᠣᠮᠵᠢ ᠶᠢᠨ ᠣᠨᠴᠠᠯᠢᠭ ᠦᠵᠡᠮᠵᠢ ᠳᠤᠨᠢ ᠳᠣᠬᠢᠷᠠᠭᠤᠯᠣᠨ ᠪᠣᠯᠪᠠᠰᠣᠨ ᠮᠣᠷᠠᠯ ᠰᠣᠷᠲᠠᠯ ᠤᠨ ᠠᠭᠤᠯᠭ᠎ᠠ ᠶᠢ ᠠᠭᠤᠰᠬᠠᠭᠰᠠᠨ ᠵᠢᠷᠤᠭ ᠵᠣᠬᠢᠷᠠᠭᠠᠵᠤ ᠵᠢᠷᠣᠭᠰᠠᠨ ᠢᠶᠠᠷ ᠣᠯᠠᠨ ᠳᠦᠮᠡᠨ ᠤ ᠳᠠᠭᠤᠷᠢᠶᠠᠯ ᠪᠣᠯᠵᠤ ᠪᠠᠶᠢᠨ᠎ᠠ᠃
     ᠭᠠᠯᠠᠭᠤᠲᠣ ᠪᠠᠯᠭᠠᠰᠣᠨ ᠤ ᠰᠠᠭᠤᠭᠠᠯᠢ ᠠᠷᠠᠳ ᠣᠶᠣᠨ᠎ᠠ᠄ ︽ᠠᠷᠢᠭᠤᠨ᠎ᠠ ᠵᠢᠷᠤᠭ ᠵᠢᠷᠤᠬᠤ ᠳᠤ ᠪᠠᠨ ᠲᠤᠩ ᠠᠪᠢᠶᠠᠰᠳᠠᠢ᠂ ᠵᠡᠭᠡᠯᠢ ᠶᠢᠨ ᠬᠠᠪᠢ ᠶᠢᠨ ᠴᠠᠬᠢᠯᠭᠠᠨ ᠬᠠᠶᠢᠷᠴᠠᠭ ᠲᠤ ᠵᠢᠷᠤᠭ ᠵᠢᠷᠤᠭᠰᠠᠨ ᠨᠢ ᠪᠦᠬᠦ ᠤᠯᠤᠰ ᠤᠨ ᠬᠤᠰᠢᠭᠤ ᠰᠢᠶᠠᠨ ᠤ ᠳᠡᠰ ᠤᠨ ᠪᠤᠯᠪᠠᠰᠤᠨ ᠬᠤᠲᠠ ᠶᠢᠨ ᠪᠥᠲᠦᠭᠡᠨ ᠪᠠᠶᠢᠭᠤᠯᠤᠯᠲᠠ ᠳᠤ ᠥᠪᠡᠷ ᠤᠨ ᠬᠤᠪᠢ ᠨᠡᠮᠡᠷᠢ ᠪᠠᠨ ᠥᠵᠡᠬᠦᠯᠵᠦ ᠬᠦᠮᠦᠨ ᠪᠣᠯᠭᠠᠨ ᠤ ᠳᠠᠭᠤᠷᠢᠶᠠᠯ ᠪᠣᠯᠥᠭ᠌ᠰᠠᠨ ᠪᠠᠶᠢᠨ᠎ᠠ︾ ᠭᠡᠪᠡ᠃      ᠣᠶᠢᠯᠠᠭᠠᠭᠰᠠᠨ ᠢᠶᠠᠷ᠂ ᠵᠢᠷᠣᠭᠴᠢᠨ ᠠᠷᠢᠭᠤᠨ᠎ᠠ ᠣᠶᠢᠷ᠎ᠠ ᠶᠢᠨ ᠬᠠᠭᠠᠰ ᠰᠠᠷ᠎ᠠ ᠶᠢᠨ ᠬᠤᠭᠤᠴᠠᠭᠠᠨ ᠳᠤ  ᠭᠠᠯᠠᠭᠤᠲᠤ ᠪᠠᠯᠭᠠᠰᠤᠨ ᠤ ᠵᠠᠮ ᠭᠤᠳᠣᠮᠵᠢ ᠶᠢᠨ ᠳᠣᠨᠣᠯᠵᠢᠨ ᠤᠨ ᠴᠢᠮᠡᠭᠡ ᠬᠤᠯᠪᠣᠭᠠᠨ ᠤ ᠬᠠᠶᠢᠷᠴᠠᠭ᠂ ᠰᠠᠭᠤᠭᠠᠯᠢ ᠠᠷᠡᠳ ᠤᠨ ᠳᠣᠭᠤᠷᠢᠭ ᠤᠨ ᠬᠡᠷᠡᠮ ᠤᠨ ᠬᠠᠨ᠎ᠠ ᠵᠡᠷᠭᠡ ᠭᠠᠵᠠᠷ ᠲᠤ 200 ᠭᠠᠷᠤᠢ ᠬᠤᠪᠢ ᠵᠢᠷᠤᠭ ᠵᠢᠷᠤᠭᠰᠠᠨ ᠪᠠᠶᠢᠨ᠎ᠠ᠃      ᠵᠢᠷᠣᠭᠴᠢᠨ ᠠᠷᠢᠭᠤᠨ᠎ᠠ᠄ ︽ᠮᠠᠨ ᠤ ᠬᠤᠰᠢᠭᠤ ᠶᠠᠭ ᠪᠦᠬᠦ ᠤᠯᠤᠰ ᠤᠨ ᠬᠤᠰᠢᠭᠤ ᠰᠢᠶᠠᠨ ᠤ ᠳᠡᠰ ᠤᠨ ᠪᠤᠯᠪᠠᠰᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠴᠠᠭ ᠲᠤ ᠪᠠᠶᠢᠬᠤ ᠪᠣᠯᠬᠤᠷ ᠬᠦᠮᠦᠨ ᠪᠣᠯᠭᠠᠨ ᠪᠦᠷ ᠥᠪᠡᠷ ᠤᠨ ᠠᠵᠢᠯ ᠤᠨ ᠪᠠᠶᠢᠷᠢᠨ ᠳᠤ ᠪᠠᠨ ᠴᠢᠷᠮᠠᠶᠢᠯᠲᠠ ᠲᠠᠢ ᠠᠵᠢᠯᠯᠠᠵᠤ ᠪᠠᠶᠢᠭ᠎ᠠ᠂ ᠪᠢ ᠥᠪᠡᠷ ᠢᠶᠠᠨ ᠵᠢᠷᠤᠭ ᠵᠢᠷᠤᠵᠤ ᠴᠢᠳᠠᠳᠠᠭ ᠪᠤᠯᠬᠤᠷ ᠬᠤᠰᠢᠭᠤᠨ ᠳᠤ ᠪᠠᠨ ᠥᠪᠡᠷ ᠤᠨ ᠬᠤᠪᠢ ᠬᠦᠮᠦᠨ ᠤ ᠪᠠᠨ ᠬᠤᠪᠢ ᠨᠡᠮᠡᠷᠢ ᠪᠠᠨ ᠦᠵᠡᠭᠦᠯᠦᠶ᠎ᠡ᠂ ᠥᠪᠡᠷ ᠤᠨ ᠵᠢᠷᠤᠭ ᠢᠶᠠᠷ ᠢᠶᠠᠨ ᠬᠤᠰᠢᠭᠤᠨ ᠤ ᠠᠷᠠᠳ ᠲᠥᠮᠡᠨ᠂ ᠪᠠᠭᠠᠴᠤᠳ ᠬᠡᠤᠬᠡᠳ ᠲᠤ ᠪᠠᠭ᠎ᠠ ᠴᠤ ᠲᠤᠷᠠᠰᠬᠠᠯ ᠦᠯᠡᠳᠡᠭᠡᠴᠢᠭᠡᠬᠦ ᠪᠣᠯᠪᠠᠤ ᠭᠡᠵᠤ ᠪᠤᠳᠤᠭᠠᠳ ᠵᠢᠷᠤᠯ᠎ᠠ︾ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号