ᠤᠯᠠᠭᠠᠨᠳᠤᠯᠤᠭᠠᠢ ᠪᠠᠯᠭᠠᠰᠤ ᠰᠢᠨ᠎ᠠ ᠠᠷᠭ᠎ᠠ ᠪᠠᠷᠢᠯ ᠤᠯᠠᠨ ᠠᠴᠢᠶᠠᠯᠠᠪᠤᠷᠢ ᠪᠤᠳᠠᠳᠤ ᠪᠦᠳᠦᠮᠵᠢ ᠪᠠᠷ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢ ᠠᠭᠢᠭᠤᠯᠵᠠᠢ
ᠨᠡᠶᠢᠲᠡᠯᠡᠭᠰᠡᠨ ᠴᠠᠭ᠄
2020-07-06
     ᠦᠤᠰᠢᠨ ᠬᠤᠰᠢᠭᠤᠨ ᠤ ᠤᠯᠠᠭᠠᠨᠲᠣᠯᠣᠭᠠᠶ ᠪᠠᠯᠭᠠᠰᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠶ ᠪᠠᠷ ᠠᠬᠢᠭᠤᠯᠵᠤ᠂ ᠪᠠᠯᠭᠠᠰᠤᠨ ᠤ ᠡᠯ᠎ᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠤᠨ ᠪᠦᠬᠦ ᠪᠠᠯᠭᠠᠰᠤᠨ ᠤ ᠪᠠᠨ ᠪᠣᠳᠠᠲᠤ ᠪᠠᠶᠢᠳᠠᠯ ᠳᠤ ᠰᠠᠭᠤᠷᠢᠯᠠᠨ᠂ ᠢᠳᠡᠪᠬᠢᠲᠡᠢ ᠪᠠᠷ ᠰᠦᠪᠡᠭᠴᠢᠯᠡᠨ ᠰᠢᠨ᠎ᠡ ᠶᠢ ᠡᠭᠦᠳᠴᠦ᠂ ᠣᠯᠠᠨ ᠲᠦᠮᠡᠨ ᠢ ᠤᠬᠠᠭᠤᠯᠬᠤ᠂ ᠣᠯᠠᠨ ᠲᠦᠮᠡᠨ ᠢ ᠬᠥᠮᠦᠵᠢᠭᠦᠯᠬᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠦᠮᠧᠲᠷ︾ ᠢ ᠪᠦᠬᠦ ᠬᠦᠴᠦᠨ ᠢᠶᠠᠷ ᠨᠡᠪᠳᠡᠷᠡᠭᠦᠯᠵᠤ ᠪᠠᠶᠢᠨ᠎ᠠ᠃     ᠭᠠᠴᠠᠭ᠎ᠠ ᠲᠣᠰᠬᠤᠨ ᠠᠶᠢᠯ ᠡᠷᠦᠭᠡ ᠳᠤ ᠬᠦᠷᠴᠦ ᠣᠨᠣᠯ ᠢ ᠤᠬᠠᠭᠤᠯᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠣᠰᠬᠤᠨ ᠤ ᠪᠠᠶᠢᠳᠠᠯ ᠨᠡᠶᠢᠭᠡᠮ ᠤᠨ ᠪᠠᠶᠢᠳᠠᠯ ᠤᠨ ᠪᠣᠳᠠᠲᠠᠶ ᠲᠠᠢ ᠤᠶᠠᠯᠳᠤᠭᠤᠯᠤᠨ ᠳᠥᠭᠦᠮ ᠣᠶᠢᠯᠠᠭᠠᠮᠵᠢᠲᠠᠶ ᠶᠠᠷᠢᠬᠤ᠂ ᠭᠠᠴᠠᠭ᠎ᠠ ᠲᠣᠰᠬᠤᠨ ᠠᠶᠢᠯ ᠡᠷᠦᠬᠡ ᠳᠤ ᠣᠴᠢᠵᠤ ᠤᠯᠠᠮᠵᠢᠯᠠᠬᠤ ᠵᠡᠷᠭᠡ ᠬᠡᠯᠪᠡᠷᠢ ᠶᠢ ᠠᠪᠴᠤ᠂ ᠰᠠᠶᠢᠨ ᠳᠤᠷᠠᠴᠤᠤᠯ ᠤᠨ ᠡᠩᠨᠡᠭᠡᠨ ᠤ ᠲᠥᠷᠥ ᠶᠢᠨ ᠪᠣᠳᠣᠯᠭ᠎ᠠ ᠶᠢᠨ ᠣᠨᠣᠯ ᠤᠨ ᠤᠬᠠᠭᠤᠯᠭ᠎ᠠ ᠶᠢ 60 ᠭᠠᠷᠤᠶ ᠲᠠᠯᠠᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠡᠭᠦᠷ ᠤᠨ ᠱᠦᠵᠢ 20 ᠭᠠᠷᠤᠶ ᠤᠳᠠᠭ᠎ᠠ ᠨᠠᠮ ᠤᠨ ᠬᠢᠴᠢᠶᠡᠯ ᠣᠷᠣᠵᠤ᠂ ᠲᠡᠷᠢᠭᠦᠨ ᠤ ᠦᠢᠯᠡ ᠠᠵᠢᠯᠯᠠᠭ᠎ᠠ ᠶᠢᠨ ᠺᠢᠨᠣ᠋ ᠶᠢ 30 ᠭᠠᠷᠤᠢ ᠤᠳᠠᠭ᠎ᠠ ᠨᠡᠪᠳᠡᠷᠡᠭᠦᠯᠵᠤ᠂ ᠤᠯᠠᠭᠠᠨᠲᠣᠯᠣᠭᠠᠶ ᠪᠠᠯᠭᠠᠰᠤᠨ ᠤ 14 ᠨᠠᠮ ᠤᠨ ᠵᠣᠬᠢᠶᠠᠨ ᠪᠠᠶᠢᠭᠤᠯᠤᠯᠲᠠ ᠶᠢᠨ 367 ᠨᠠᠮ ᠤᠨ ᠭᠡᠰᠢᠭᠦᠨ ᠢ ᠰᠤᠷᠤᠯᠴᠠᠬᠤ ᠲᠠᠪᠴᠠᠩ ᠳᠤ ᠤᠷᠤᠭᠤᠯᠪᠠ᠃     ᠲᠠᠷᠢᠶᠠᠨ ᠵᠠᠬ᠎ᠠ ᠮᠠᠯ ᠤᠨ ᠪᠡᠯᠴᠢᠭᠡᠷ ᠲᠤ ᠮᠡᠳᠡᠯᠭᠡ ᠮᠡᠷᠭᠡᠵᠢᠯ ᠢ ᠭᠦᠷᠭᠡᠪᠡ᠃ ᠮᠠᠯᠴᠢᠨ ᠲᠠᠷᠢᠶᠠᠴᠢᠳ ᠤᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠤᠨ ᠬᠡᠷᠡᠭᠴᠡᠭᠡ ᠱᠠᠭᠠᠷᠳᠠᠯᠭ᠎ᠠ ᠶᠢᠨ ᠲᠤᠭᠤᠷᠢᠨ ᠳᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠲᠠᠷᠢᠶᠠᠨ ᠵᠠᠬ᠎ᠠ ᠳᠤ ᠭᠦᠨᠵᠡᠭᠡᠶᠢᠷᠡᠭᠦᠯᠤᠨ ᠲᠡᠵᠢᠭᠡᠨ ᠦᠷᠡᠵᠢᠭᠦᠯᠬᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠲᠤᠨᠤᠭ ᠲᠦᠭᠦᠭᠡᠷᠤᠮᠵᠢ ᠰᠡᠯᠪᠢᠨ ᠵᠠᠰᠠᠬᠤ ᠵᠡᠷᠭᠡ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠢ 30 ᠤᠳᠠᠭ᠎ᠠ ᠥᠷᠨᠢᠭᠦᠯᠵᠡᠶ᠃ ᠮᠠᠯᠴᠢᠨ ᠲᠠᠷᠢᠶᠠᠴᠢᠳ ᠢ ᠳᠠᠶᠢᠴᠢᠯᠠᠨ᠂ 40 ᠭᠠᠷᠤᠶ ᠮᠠᠯ ᠤᠨ ᠬᠠᠰᠢᠶ᠎ᠠ ᠰᠠᠷᠠᠪᠴᠢ᠂ 30 ᠭᠠᠷᠤᠢ ᠭᠦᠯᠡᠮᠵᠢ ᠪᠠᠶᠢᠭᠤᠯᠵᠤ᠂ ᠲᠠᠷᠢᠵᠤ ᠲᠡᠵᠢᠭᠡᠨ ᠦᠷᠡᠵᠢᠭᠦᠯᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠮᠠᠯᠴᠢᠨ ᠲᠠᠷᠢᠶᠠᠴᠢᠳ ᠤᠨ ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ ᠨᠡᠮᠡᠭᠳᠡᠭᠦᠯᠬᠦ ᠴᠢᠳᠠᠪᠤᠷᠢ ᠶᠢ ᠳᠡᠭᠡᠭᠰᠢᠯᠡᠭᠦᠯᠪᠡ᠃     ᠠᠷᠠᠳ ᠤᠨ ᠲᠥᠯᠥᠭᠡ ᠪᠤᠳᠠᠳᠤ ᠠᠵᠢᠯ ᠭᠢᠪᠡ᠃ ᠮᠠᠯᠴᠢᠨ ᠲᠠᠷᠢᠶᠠᠴᠢᠳ ᠤᠨ ᠬᠠᠮᠤᠭ ᠠᠴᠠ ᠠᠩᠬᠠᠷᠴᠤ ᠪᠠᠶᠢᠭ᠎ᠠ ᠰᠤᠷᠭᠠᠭᠤᠯᠢ ᠳᠤ ᠰᠠᠭᠤᠬᠤ᠂ ᠡᠪᠡᠳᠴᠢᠨ ᠦᠵᠡᠭᠦᠯᠭᠦ ᠪᠠ ᠡᠷᠬᠡ ᠠᠰᠢᠭ ᠢ ᠬᠠᠮᠠᠭᠠᠯᠠᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠰᠠᠭᠤᠷᠢᠯᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠤᠨ᠂ ︽ᠬᠠᠯᠠᠭᠤᠨ ᠲᠤᠯᠠᠭᠠᠨ ᠢ ᠬᠦᠷᠭᠡᠵᠤ᠂ ᠬᠠᠶᠢᠷ᠎ᠠ ᠬᠠᠯᠠᠮᠵᠢ ᠬᠦᠷᠳᠡᠭᠡᠬᠦ︾᠂ ᠠᠯᠪᠠᠨ ᠵᠢᠷᠤᠮ ᠤᠨ ᠡᠮᠴᠢᠯᠡᠭᠡ ᠬᠢᠬᠦ᠂ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠵᠤ ᠡᠶᠡᠳᠡᠭᠦᠯᠦᠨ ᠰᠢᠢᠳᠪᠤᠷᠢᠯᠡᠬᠦ ᠵᠡᠷᠭᠡ ᠠᠵᠢᠯᠯᠠᠭ᠎ᠠ ᠶᠢ ᠭᠦᠨᠵᠡᠭᠡᠶ ᠥᠷᠨᠢᠭᠦᠯᠪᠡ᠃ ᠣᠳᠣᠬᠠᠨ ᠪᠣᠯᠲᠠᠯ᠎ᠠ 50 ᠭᠠᠷᠤᠶ ᠲᠦᠷᠤᠯ ᠤᠨ ᠪᠣᠳᠠᠲᠤ ᠶᠠᠪᠤᠳᠠᠯ ᠢ ᠭᠦᠢᠴᠡᠳᠬᠡᠵᠦ᠂ 30 ᠭᠠᠷᠤᠢ ᠵᠥᠷᠢᠴᠡᠯ ᠵᠠᠭᠤᠷᠠᠯᠳᠤᠭᠠᠨ ᠢ ᠨᠠᠮᠳᠠᠭᠤᠯᠤᠨ᠂ ᠬᠠᠤᠯᠢ ᠴᠠᠭᠠᠵᠠ ᠶᠢᠨ ᠮᠡᠳᠡᠯᠭᠡ ᠶᠢᠨ ᠲᠠᠶᠢᠯᠤᠮᠵᠢ ᠶᠢ 15 ᠤᠳᠠᠭ᠎ᠠ ᠥᠷᠨᠢᠭᠦᠯᠵᠦ ᠂ 60 ᠬᠥᠮᠦᠨ ︵ᠤᠳᠠᠭ᠎ᠠ︶ ᠤ ᠬᠠᠤᠯᠢ ᠴᠠᠭᠠᠵᠠ ᠶᠢᠨ ᠯᠠᠪᠯᠠᠭ᠎ᠠ ᠳᠤ ᠬᠠᠷᠢᠭᠤᠯᠲᠠ ᠥᠭᠴᠦ᠂ ᠮᠠᠯᠴᠢᠨ ᠲᠠᠷᠢᠶᠠᠴᠢᠳ ᠤᠨ ᠡᠯ᠎ᠡ ᠵᠦᠢᠯ ᠤᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠲᠡᠭᠡᠭᠰᠢᠯᠡᠭᠦᠯᠪᠡ᠃     ᠬᠡᠪ ᠵᠠᠩᠰᠢᠯ ᠢ ᠥᠭᠡᠷᠡᠴᠢᠯᠡᠵᠦ ᠰᠢᠨ᠎ᠡ ᠰᠤᠷᠲᠠᠯ ᠢ ᠪᠤᠢ ᠪᠣᠯᠭᠠᠪᠠ᠃ ᠨᠠᠮ ᠤᠨ ᠭᠡᠰᠢᠭᠦᠤᠨ ᠤᠨ ᠬᠤᠷᠠᠯ᠂ ᠲᠣᠰᠬᠤᠨ ᠤ ᠠᠷᠠᠳ ᠤᠨ ᠬᠤᠷᠠᠯ᠂ ᠷᠠᠳᠢᠣ᠋ ᠨᠡᠪᠲᠡᠷᠡᠭᠦᠯᠭᠡ᠂ ᠰᠣᠶᠣᠯ ᠤᠨ ᠲᠠᠪᠴᠠᠩ ᠵᠡᠷᠭᠡ ᠶᠢ ᠠᠰᠢᠭᠯᠠᠨ ᠮᠠᠯᠴᠢᠨ ᠲᠠᠷᠢᠶᠠᠴᠢᠳ ᠤᠨ ᠥᠪᠡᠷ ᠢ ᠪᠠᠨ ᠬᠢᠵᠠᠭᠠᠷᠯᠠᠬᠤ᠂ ᠥᠪᠡᠷ ᠢ ᠪᠠᠨ ᠬᠠᠮᠢᠶᠠᠷᠬᠤ ᠶᠢ ᠬᠥᠲᠥᠯᠥᠨ ᠵᠢᠯᠣᠭᠤᠳᠴᠤ᠂ ᠠᠵᠢᠯᠴᠢ ᠠᠷᠪᠢᠴᠢ ᠪᠠᠷ ᠠᠮᠢᠳᠤᠷᠠᠵᠤ ᠠᠷᠪᠢᠯᠠᠨ ᠭᠠᠮᠨᠠᠬᠤ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠵᠤ᠂ ᠪᠣᠯᠪᠠᠰᠤᠨ ᠰᠢᠨ᠎ᠠ ᠰᠤᠷᠳᠠᠯ ᠢ ᠪᠤᠢ ᠪᠤᠯᠭᠠᠨ᠂ ᠬᠡᠪ ᠵᠠᠩᠰᠢᠯ ᠢ ᠥᠭᠡᠷᠡᠴᠢᠯᠡᠬᠦ ᠠᠮᠠᠯᠠᠯᠲᠠ ᠶᠢᠨ ᠪᠢᠴᠢᠭ ᠢ ᠨᠡᠶᠢᠲᠡ 2000 ᠭᠠᠷᠤᠶ ᠬᠤᠪᠢ ᠲᠣᠭᠲᠠᠭᠠᠵᠤ᠂ ᠮᠠᠯᠴᠢᠨ ᠲᠠᠷᠢᠶᠠᠴᠢᠳ ᠤᠨ ᠰᠠᠶᠢᠨ ᠰᠠᠶᠢᠬᠠᠨ ᠭᠡᠪ ᠰᠤᠷᠳᠠᠯ ᠢ ᠠᠩᠬ᠎ᠠ ᠠᠯᠬᠤᠮ ᠪᠦᠷᠢᠯᠳᠦᠭᠦᠯᠦᠭᠰᠡᠨ ᠪᠠᠶᠢᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号