ᠪᠦᠬᠦ ᠣᠷᠣᠨ ᠤ ᠠᠶᠣᠯᠬᠦᠢ ᠦᠢᠯᠡᠳᠪᠦᠷᠢᠯᠡᠯ ᠵᠢᠴᠢ ᠦᠶᠡᠷ ᠢ ᠰᠡᠷᠬᠡᠶᠢᠯᠡᠵᠦ ᠭᠠᠩ ᠲᠠᠢ ᠳᠡᠮᠡᠴᠡᠬᠦ ᠠᠵᠢᠯ  ᠤᠨ ᠲᠧᠯᠸᠢᠰ ᠣᠳᠠᠰᠣ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2020-07-06
     7 ᠰᠠᠷ᠎ᠠ ᠶᠢᠨ 2 ᠤᠨ ᠡᠳᠦᠷ᠂ ᠪᠦᠬᠦ ᠣᠷᠣᠨ ᠤ ᠠᠶᠣᠯᠬᠦᠢ ᠦᠢᠯᠡᠳᠪᠦᠷᠢᠯᠡᠯ ᠵᠢᠴᠢ ᠦᠶᠡᠷ ᠢ ᠰᠡᠷᠬᠡᠶᠢᠯᠡᠵᠦ ᠭᠠᠩ ᠲᠠᠢ ᠳᠡᠮᠡᠴᠡᠬᠦ ᠠᠵᠢᠯ ᠤᠨ ᠲᠧᠯᠸᠢᠰ ᠣᠳᠠᠰᠣ ᠬᠤᠷᠠᠯ ᠬᠤᠷᠠᠯᠳᠣᠵᠦ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠯᠢ ᠵᠦᠩ ᠯᠢᠨ᠂ ᠬᠤᠰᠢᠭᠤ ᠳᠡᠳ᠋ ᠳᠠᠷᠤᠭ᠎ᠠ ᠪᠠᠶᠠᠨᠴᠡᠩᠬᠡᠯ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠳᠠᠯᠠᠪᠠᠢ ᠳᠤ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯ ᠳᠤ ᠣᠷᠣᠯᠴᠠᠪᠠ᠃       ᠬᠤᠷᠠᠯ ᠳᠡᠭᠡᠷ᠎ᠡ᠂ ᠰᠢ ᠶᠢᠨ ᠫᠢᠩ ᠶᠡᠷᠦᠩᠬᠡᠢ ᠱᠦᠵᠢ ᠶᠢᠨ ᠠᠶᠣᠯᠬᠦᠢ ᠦᠢᠯᠡᠳᠪᠦᠷᠢᠯᠡᠯ᠂ ᠦᠶᠡᠷ ᠢ ᠰᠡᠷᠬᠡᠶᠢᠯᠡᠵᠦ ᠭᠠᠩ ᠲᠠᠢ ᠳᠡᠮᠡᠴᠡᠬᠦ ᠠᠵᠢᠯ ᠤᠨ ᠴᠢᠬᠤᠯᠠ ᠵᠢᠭᠠᠪᠣᠷᠢ ᠶᠢᠨ ᠵᠣᠷᠢᠭ ᠰᠠᠨᠠᠭ᠎ᠠ ᠶᠢ ᠬᠦᠨᠵᠡᠬᠡᠢ ᠰᠣᠷᠣᠯᠴᠠᠵᠦ ᠪᠦᠬᠦ ᠣᠷᠣᠨ ᠤ ᠠᠶᠣᠯᠬᠦᠢ ᠶᠢᠨ ᠦᠢᠯᠡᠳᠪᠦᠷᠢᠯᠡᠯ ᠤᠨ ᠳᠣᠰᠬᠠᠢ ᠴᠡᠭᠴᠡᠯᠡᠯᠳᠡ ᠶᠢᠨ ᠭᠤᠷᠪᠠᠨ ᠵᠢᠯ  ᠤᠨ ᠠᠵᠢᠯᠯᠠᠭ᠎ᠠ ᠳᠤ ᠪᠠᠶᠢᠷᠢᠯᠠᠭᠤᠯᠣᠯᠲᠠ ᠬᠢᠪᠡ᠃       ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠣᠷᠢ ᠶᠢᠨ ᠵᠣᠷᠢᠭ ᠰᠠᠨᠠᠭ᠎ᠠ ᠶᠢ ᠬᠦᠨᠵᠡᠬᠡᠢ ᠰᠣᠷᠣᠯᠴᠠᠵᠦ ︽ᠳᠦᠷᠪᠡᠨ ᠣᠬᠠᠮᠰᠠᠷ︾ ᠢᠶᠠᠨ ᠴᠢᠩᠭᠠᠳᠬᠠᠵᠦ ︽ᠳᠦᠷᠪᠡᠨ ᠢᠳᠡᠬᠡᠯ︾ ᠢᠶᠠᠨ ᠪᠠᠳᠣᠳᠬᠠᠨ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠦ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠠᠮᠣᠷ ᠳᠦᠪᠰᠢᠨ ᠤ ᠰᠡᠷᠭᠡᠶᠢᠯᠡᠯᠳᠡ ᠶᠢ ᠰᠠᠶᠢᠳᠣᠷ ᠬᠢᠬᠦ ᠶᠢᠨ ᠴᠢᠬᠤᠯᠠ ᠴᠢᠨᠠᠷ ᠢ ᠬᠦᠨᠵᠡᠬᠡᠢ ᠳᠠᠨᠢᠵᠦ ᠠᠷᠠᠳ ᠳᠦᠮᠡᠨ ᠢ ᠳᠡᠭᠡᠳᠦᠯᠡᠨ ᠠᠮᠢ ᠨᠠᠰᠣ ᠶᠢ ᠳᠡᠭᠡᠳᠦᠯᠡᠵᠦ᠂ ᠡᠯ᠎ᠡ ᠳᠦᠷᠦᠯ ᠤᠨ ᠠᠵᠢᠯ ᠢ ᠪᠣᠳᠠᠳᠠᠶᠢᠵᠢᠭᠤᠯᠣᠨ ᠲᠤᠭᠤᠰᠢᠯᠠᠭᠤᠯᠬᠤ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠳᠠᠬᠢ ᠣᠷᠣᠨ ᠤ ᠳᠣᠳᠣᠨ᠎ᠠ ᠭᠠᠳᠠᠨ᠎ᠠ ᠡᠬᠦᠰᠦᠭᠰᠡᠨ ᠬᠦᠨᠲᠦ ᠶᠡᠭᠡ ᠠᠶᠣᠯᠬᠦᠢ ᠦᠢᠯᠡᠳᠪᠤᠷᠢᠯᠡᠯ ᠤᠨ ᠠᠳᠡᠯ ᠬᠡᠨᠡᠳᠡᠯ ᠠᠴᠠ ᠬᠦᠨᠵᠡᠬᠡᠢ ᠰᠣᠷᠭᠠᠮᠵᠢ ᠠᠪᠴᠦ ᠠᠶᠣᠯᠬᠦᠢ ᠶᠢᠨ ᠦᠢᠯᠡᠳᠪᠦᠷᠢᠯᠡᠯ ᠤᠨ ᠳᠣᠰᠬᠠᠢ ᠴᠡᠭᠴᠡᠯᠡᠯᠳᠡ ᠶᠢᠨ ᠭᠤᠷᠪᠠᠨ ᠵᠢᠯ  ᠤᠨ ᠠᠵᠢᠯᠯᠠᠭ᠎ᠠ ᠶᠢ ᠳᠦᠯᠬᠢᠨ ᠠᠬᠢᠭᠤᠯᠵᠦ ᠵᠠᠮ ᠬᠠᠷᠢᠯᠴᠠᠭ᠎ᠠ᠂ ᠪᠠᠷᠢᠯᠭ᠎ᠠ᠂ ᠬᠤᠳᠠ ᠪᠠᠯᠭᠠᠰᠣ ᠶᠢᠨ ᠰᠢᠳᠠᠮᠠᠬᠠᠢ ᠬᠡᠢ ᠂ ᠵᠣᠨ ᠤ ᠤᠯᠠᠷᠢᠯ ᠤᠨ ᠭᠠᠯ ᠰᠡᠷᠭᠡᠶᠢᠯᠡᠯᠳᠡ ᠵᠡᠷᠬᠡ ᠬᠦᠷᠢᠶ᠎ᠡ ᠴᠠᠷᠠᠭᠠᠨ ᠳᠤ ᠴᠢᠭᠯᠡᠬᠦᠯᠵᠦ ᠠᠮᠣᠷ ᠳᠦᠪᠰᠢᠨ ᠤ ᠠᠶᠣᠯ ᠳᠦᠭᠰᠢᠬᠦᠷᠢ ᠶᠢ ᠰᠡᠷᠭᠡᠶᠢᠯᠡᠨ ᠡᠵᠡᠮᠳᠡᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠬᠤ ᠴᠡᠭᠴᠡᠯᠡᠨ ᠵᠠᠰᠠᠬᠤ ᠶᠢ ᠰᠠᠶᠢᠳᠣᠷ ᠬᠢᠬᠦ ᠬᠡᠷᠡᠭᠲᠡᠢ᠃ ᠦᠶᠡᠷ ᠢ ᠰᠡᠷᠬᠡᠶᠢᠯᠡᠵᠦ ᠭᠠᠩ ᠲᠠᠢ ᠳᠡᠮᠡᠴᠡᠬᠦ  ᠠᠵᠢᠯ ᠢ ᠪᠦᠬᠦ ᠳᠠᠯ᠎ᠠ ᠪᠠᠷ ᠨᠠᠶᠢᠳᠠᠪᠣᠷᠢᠵᠢᠭᠤᠯᠣᠨ ᠲᠤᠭᠤᠰᠢᠯᠠᠭᠤᠯᠵᠦ ᠬᠢᠨᠠᠨ ᠬᠡᠮᠵᠢᠵᠦ ᠣᠷᠢᠳᠴᠢᠯᠠᠨ ᠮᠡᠳᠡᠬᠡᠯᠡᠵᠦ ᠰᠡᠷᠡᠮᠵᠢᠯᠡᠬᠦᠯᠬᠦ ᠪᠠ ᠠᠵᠢᠯᠳᠠᠨ᠂ ᠡᠳ᠋ ᠪᠠᠷᠠᠭ᠎ᠠ ᠶᠢᠨ ᠳᠣᠬᠢᠷᠠᠭᠤᠯᠣᠯᠲᠠ ᠶᠢ ᠴᠢᠩᠭᠠᠳᠬᠠᠵᠦ ᠣᠷᠢᠳᠴᠢᠯᠠᠨ ᠰᠡᠷᠭᠡᠶᠢᠯᠡᠬᠦ ᠬᠡᠷᠡᠭᠲᠢ᠃        ᠬᠤᠷᠠᠯ ᠳᠡᠭᠡᠷ᠎ᠡ᠂ ᠬᠤᠯᠣᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠳᠣᠬᠠᠢ ᠪᠠᠶᠢᠷᠢᠯᠠᠭᠤᠯᠣᠯᠲᠠ ᠬᠢᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号