ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ ᠤᠯᠤᠰ ᠤᠨ ᠲᠡᠷᠢᠬᠦᠯᠡᠭᠴᠢ ᠰᠢ ᠶᠢᠨ ᠫᠢᠩ ᠪᠤᠯᠤᠨ ᠺᠠᠮᠪᠤᠵᠠ ᠶᠢᠨ ᠠᠷᠠᠳ ᠤᠨ ᠨᠠᠮ ᠤᠨ ᠲᠡᠷᠢᠬᠦᠯᠡᠭᠴᠢ ᠵᠠᠰᠠᠭ ᠤᠨ ᠤᠷᠳᠤᠨ ᠤ ᠲᠡᠷᠢᠬᠦᠨ ᠰᠠᠶᠢᠳ ᠬᠤᠩᠰᠧᠨ ᠬᠠᠷᠢᠯᠴᠠᠨ ᠵᠠᠬᠢᠳᠠᠯ ᠢᠯᠡᠬᠡᠪᠡ
ᠨᠡᠶᠢᠲᠡᠯᠡᠭᠰᠡᠨ ᠴᠠᠭ᠄
2020-07-06
     ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 3 ᠤ ᠴᠠᠬᠢᠯᠭᠠᠨ ᠮᠡᠳᠡᠭᠡ 7 ᠰᠠᠷ᠎ᠠ ᠶᠢᠨ 3 ᠤ ᠡᠳᠤᠷ ᠂ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ ᠰᠢ ᠶᠢᠨ ᠫᠢᠩ ᠺᠠᠮᠪᠤᠵᠠ ᠶᠢᠨ ᠠᠷᠠᠳ ᠤᠨ ᠨᠠᠮ ᠤᠨ ᠲᠡᠷᠢᠬᠦᠯᠡᠭᠴᠢ᠂ ᠵᠠᠰᠠᠭ ᠤᠨ ᠤᠷᠳᠤᠨ ᠤ ᠲᠡᠷᠢᠬᠦᠨ ᠰᠠᠶᠢᠳ ᠬᠤᠩᠰᠧᠨ ᠳᠤ ᠵᠠᠬᠢᠶ᠎ᠠ ᠢᠯᠡᠬᠡᠪᠡ      ᠰᠢ ᠶᠢᠨ ᠫᠢᠩ᠂ ᠤᠷᠴᠢᠮᠬᠠᠨ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠬᠳᠠᠬᠰᠠᠠ 99 ᠵᠢᠯ ᠤᠨ ᠤᠢ ᠶᠢᠨ ᠲᠠᠰᠢᠷᠠᠮ ᠢᠶᠠᠷ᠂ ᠲᠡᠷᠢᠬᠦᠯᠡᠭᠴᠢ ᠠᠪᠤᠭᠠᠢ ᠨᠠᠳᠠᠳᠤ ᠲᠤᠰᠬᠠᠢᠢᠯᠠᠨ ᠵᠠᠬᠢᠳᠠᠯ ᠢᠷᠡᠬᠦᠯᠵᠥ᠂ ᠦᠪᠡᠷ ᠤᠨ ᠪᠡᠶ᠎ᠡ ᠪᠤᠯᠤᠨ ᠺᠠᠮᠪᠤᠵᠠ ᠶᠢᠨ ᠠᠷᠠᠳ ᠤᠨ ᠨᠠᠮ ᠤᠨ ᠲᠤᠮᠳᠠᠳᠤ ᠺᠠᠮᠪᠤᠵᠠ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢ ᠬᠦᠨᠵᠡᠬᠡᠶᠢᠷᠡᠬᠦᠯᠬᠦ ᠲᠤᠬᠠᠢ ᠬᠦᠰᠡᠯ ᠪᠤᠯᠤᠨ ᠦᠵᠡᠯᠳᠡ ᠪᠠᠨ ᠢᠯᠡᠳᠬᠡᠭᠰᠡᠡ ᠪᠠᠶᠢᠨ᠎ᠠ᠂ ᠪᠢ ᠡᠬᠦᠨ ᠢ ᠮᠬᠠᠳᠠᠨ ᠰᠠᠶᠢᠰᠢᠶᠠᠵᠥ ᠪᠠᠶᠢᠨ᠎ᠠ᠃      ᠲᠤᠮᠳᠠᠳᠤ ᠺᠠᠮᠪᠤᠵᠠ ᠪᠤᠯ ᠰᠡᠬᠢᠨ ᠪᠠᠷᠠᠯᠠᠵᠥ ᠬᠠᠷᠢᠯᠴᠠᠨ ᠬᠠᠪᠰᠤᠷᠤᠯᠴᠠᠭᠰᠠᠠ ᠰᠠᠶᠢᠨ ᠬᠦᠷᠰᠢ᠂ ᠰᠠᠶᠢᠨ ᠬᠠᠨᠢᠳᠠᠨ ᠶᠤᠮ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠬᠦᠰᠦᠭᠰᠡᠡ ᠤ ᠲᠠᠷᠠᠭ᠎ᠠ᠂ ᠲᠤᠮᠳᠠᠳᠤ ᠺᠠᠮᠪᠤᠵᠠ ᠬᠤᠶᠠᠷ ᠲᠠᠯ᠎ᠠ ᠬᠠᠷᠢᠯᠴᠠᠨ ᠲᠡᠮᠵᠢᠵᠥ᠂ ᠨᠢᠬᠳᠠ ᠬᠠᠮᠳᠤᠷᠠᠯᠴᠠᠵᠥ᠂ ᠰᠡᠳᠬᠢᠯ ᠨᠢᠬᠡᠳᠤᠨ ᠬᠦᠴᠦ ᠪᠠᠨ ᠬᠠᠮᠳᠤᠳᠬᠠᠵᠥ ᠪᠠᠶᠢᠭᠠᠳ ᠬᠢᠵᠢᠭ ᠲᠠᠢ ᠲᠡᠮᠡᠴᠡᠭᠰᠡᠡ ᠪᠦᠬᠡᠳ ᠴᠢᠬᠤᠯᠠ ᠶᠡᠭᠡ ᠱᠠᠳᠤᠴᠢ ᠴᠢᠨᠠᠷᠳᠠᠢ ᠦᠷ᠎ᠡ ᠪᠦᠳᠦᠬᠡᠯ ᠤᠯᠵᠥ᠂ ᠪᠤᠳᠠᠳᠤ ᠠᠵᠢᠯᠯᠠᠭ᠎ᠠ ᠪᠠᠷ ᠢᠶᠠᠨ ᠲᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠳᠤ ᠶᠢᠨ ᠴᠤᠭᠴᠠ ᠪᠤᠯ ᠡᠪᠳᠡᠷᠡᠰᠢ ᠦᠬᠡᠢ ᠪᠠᠳᠤ ᠪᠠᠬᠢ ᠬᠡᠳᠡᠭ ᠢ ᠲᠠᠶᠢᠯᠪᠤᠷᠢᠯᠠᠬᠰᠠᠠ ᠪᠠᠶᠢᠨ᠎ᠠ᠃ ᠲᠡᠷᠢᠬᠦᠯᠡᠭᠴᠢ ᠠᠪᠤᠭᠠᠢ ᠲᠤᠮᠳᠠᠳᠤ ᠤᠯᠤᠰ ᠤᠨ ᠬᠢᠵᠢᠭ ᠤᠨ ᠪᠠᠶᠢᠳᠠᠯ ᠬᠦᠨᠳᠤ ᠨᠤᠴᠢᠳᠠᠢ ᠪᠠᠶᠢᠬᠰᠠᠠ ᠦᠶ᠎ᠡ ᠳᠤ ᠲᠤᠰᠬᠠᠢᠢᠯᠠᠨ ᠲᠤᠮᠳᠠᠳᠤ ᠤᠯᠤᠰ ᠲᠤ ᠠᠶᠢᠯᠴᠢᠯᠠᠵᠥ᠂ ᠲᠤᠮᠳᠠᠳᠤ ᠤᠯᠤᠰ ᠤᠨ ᠨᠠᠮ᠂ ᠵᠠᠰᠠᠭ ᠤᠨ ᠤᠷᠳᠤᠨ᠂ ᠠᠷᠠᠳ ᠲᠦᠮᠨᠨ ᠪᠤᠯᠤᠨ ᠨᠠᠳᠠᠳᠤ ᠬᠦᠨ ᠰᠠᠭᠤᠭᠳᠠᠯ ᠦᠯᠡᠳᠡᠭᠡᠪᠡ᠃ ᠲᠤᠮᠳᠠᠳᠤ ᠤᠯᠤᠰ ᠲᠤᠮᠳᠠᠳᠤ ᠺᠠᠮᠪᠤᠵᠠ ᠶᠢᠨ ᠬᠠᠷᠢᠯᠴᠠᠭ᠎ᠠ ᠶᠢ ᠬᠦᠭᠵᠢᠬᠦᠯᠬᠦ ᠶᠢ ᠲᠡᠬᠡᠳᠤ ᠬᠡᠮᠵᠢᠶ᠎ᠡ ᠪᠠᠷ ᠴᠢᠬᠤᠯᠠᠴᠢᠯᠠᠵᠥ ᠪᠠᠶᠢᠨ᠎ᠠ᠃ ᠪᠢ ᠲᠤᠷᠠᠳᠠᠶ᠎ᠠ ᠲᠡᠷᠢᠬᠦᠯᠡᠭᠴᠢ ᠠᠪᠤᠭᠠᠢ ᠲᠠᠢ ᠬᠠᠮᠳᠤ ᠪᠠᠷ ᠴᠢᠷᠮᠡᠶᠢᠵᠥ᠂ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢ ᠤᠯᠤᠰ ᠲᠦᠷᠦ ᠪᠠᠷ ᠬᠦᠳᠦᠯᠥᠨ ᠲᠠᠭᠠᠭᠤᠯᠬᠤ ᠶᠢ ᠴᠢᠩᠭᠠᠳᠬᠠᠵᠥ᠂ ᠨᠠᠮ ᠤᠨ ᠬᠤᠭᠤᠷᠤᠨᠳᠤᠬᠢ ᠪᠠ ᠪᠤᠰᠤᠳ ᠡᠯ᠎ᠡ ᠬᠦᠷᠢᠶᠡᠨ ᠤ ᠰᠤᠯᠢᠯᠴᠠᠭ᠎ᠠ ᠬᠠᠮᠳᠤᠷᠠᠯᠴᠠᠭ᠎ᠠ ᠪᠠᠨ ᠬᠦᠨᠵᠡᠬᠡᠶᠢᠷᠡᠬᠦᠯᠵᠥ᠂ ᠲᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠳᠤ ᠶᠢᠨ ᠴᠤᠭᠴᠠ ᠶᠢᠨ ᠪᠠᠶᠢᠭᠤᠯᠤᠯᠳᠠ ᠶᠢ ᠠᠬᠢᠭᠤᠯᠵᠥ᠂ ᠬᠤᠶᠠᠷ ᠤᠯᠤᠰ ᠪᠤᠯᠤᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠨ᠎ᠡ᠃      ᠤᠯᠤᠰ ᠤᠨ ᠸᠠᠩ ᠰᠢᠬᠠᠮᠦ᠋ᠸᠧᠨᠢ ᠪᠤᠯᠤᠨ ᠬᠤᠩᠰᠧᠨ ᠲᠡᠷᠢᠬᠦᠨ ᠰᠠᠶᠢᠳ ᠢᠶᠠᠷ ᠮᠠᠩᠯᠠᠶᠢᠯᠠᠭᠤᠯᠤᠬᠰᠠᠠ ᠸᠠᠩᠳᠤ ᠤᠯᠤᠰ‌‍ᠤᠨ ᠵᠠᠰᠠᠭ ᠤᠨ ᠤᠷᠳᠤᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠡ᠂ ᠺᠠᠮᠪᠤᠵᠠ ᠶᠢᠨ ᠡᠯ᠎ᠡ ᠬᠦᠷᠢᠶᠡᠨ ᠤ ᠪᠦᠳᠦᠬᠡᠨ ᠪᠠᠶᠢᠭᠤᠯᠤᠯᠳᠠ ᠪᠠᠶᠠᠷᠯᠠᠭᠤᠰᠢᠳᠠᠢ ᠠᠮᠵᠢᠯᠳᠠ ᠤᠯᠤᠬᠰᠠᠠ ᠢ ᠪᠢ ᠪᠠᠶᠠᠷ ᠲᠠᠢ ᠪᠠᠷ ᠤᠯᠵᠥ ᠬᠠᠷᠠᠯ᠎ᠠ᠃ ᠲᠤᠮᠳᠠᠳᠤ ᠤᠯᠤᠰ ᠺᠠᠮᠪᠤᠵᠠ ᠶᠢᠨ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠲᠤᠬᠢᠷᠠᠬᠰᠠᠠ ᠬᠦᠭᠵᠢᠯᠳᠡ ᠶᠢᠨ ᠵᠠᠮ ᠢᠶᠠᠷ ᠵᠠᠮᠨᠠᠬᠤ ᠶᠢ ᠡᠷᠡᠰ ᠲᠡᠮᠵᠢᠨ᠎ᠡ᠂ ᠲᠡᠷᠢᠬᠦᠯᠡᠭᠴᠢ ᠠᠪᠤᠭᠠᠢ ᠶᠢᠨ ᠤᠳᠤᠷᠢᠳᠤᠯᠭ᠎ᠠ ᠲᠤᠤᠷ᠎ᠡ᠂ ᠺᠠᠮᠪᠤᠵᠠ ᠶᠢᠨ ᠬᠢᠨ ᠤᠯᠤᠰ ᠤᠨ ᠢᠶᠠᠨ ᠪᠦᠳᠦᠬᠡᠨ ᠪᠠᠶᠢᠭᠤᠯᠤᠯᠳᠠ ᠳᠤ ᠰᠢᠨ᠎ᠡ ᠠᠮᠵᠢᠯᠳᠡ ᠤᠯᠬᠤ ᠶᠢᠨ ᠬᠠᠮᠳᠤ ᠭᠠᠵᠠᠷ ᠤᠷᠤᠨ ᠤ ᠲᠤᠭᠳᠠᠭᠤᠨ ᠪᠤᠯᠤᠨ ᠬᠦᠭᠵᠢᠯᠳᠡ ᠳᠤ ᠢᠳᠡᠪᠬᠢᠳᠡᠢ ᠬᠤᠪᠢ ᠨᠡᠮᠡᠷᠢ ᠦᠵᠡᠬᠦᠯᠥᠨ᠎ᠡ ᠬᠡᠳᠡᠭ ᠢ ᠢᠳᠡᠬᠡᠵᠥ ᠪᠠᠶᠢᠨ᠎ᠠ ᠬᠡᠵᠥ ᠢᠯᠡᠳᠬᠡᠪᠡ᠃      ᠬᠤᠩᠰᠧᠨ ᠡᠮᠤᠨᠡᠭᠡᠨ ᠰᠢ ᠶᠢᠨ ᠫᠢᠩ ᠳᠤ ᠢᠯᠡᠭᠡᠭᠰᠡᠨ ᠵᠠᠬᠢᠳᠠᠯ ᠳᠠᠭᠠᠨ᠂ ᠲᠤᠮᠳᠠᠳᠤ ᠤᠯᠤᠰ ᠤᠨ ᠡᠪ ᠬᠠᠮᠳᠤ ᠨᠠᠮ ᠤᠷᠳᠤ ᠬᠤᠭᠤᠴᠠᠭᠠᠨ ᠤ ᠲᠤᠷᠰᠢᠬᠢ ᠵᠦᠪ ᠬᠦᠭᠵᠢᠯᠳᠠ ᠶᠢᠨ ᠱᠤᠭᠤᠮ ᠢ ᠪᠠᠷᠢᠮᠳᠠᠯᠠᠬᠰᠠᠨ ᠢᠶᠠᠷ ᠢᠯᠠᠩᠭᠤᠶ᠎ᠡ ᠶᠡᠷᠤᠩᠭᠡᠢ ᠱᠦᠵᠢ ᠶᠢᠨ ᠭᠠᠷᠮᠠᠭᠠᠢ ᠤᠳᠤᠷᠢᠳᠤᠯᠭ᠎ᠠ ᠪᠠᠷ ᠲᠤᠮᠳᠠᠳᠤ ᠤᠯᠤᠰ ᠤᠨ ᠤᠯᠤᠰ ᠲᠦᠷᠦ᠂ ᠠᠵᠤ ᠠᠬᠤᠢ᠂ ᠨᠡᠶᠢᠭᠡᠮ ᠵᠡᠷᠭᠡ ᠡᠯ᠎ᠡ ᠬᠦᠷᠢᠶᠠᠨ ᠳᠤ ᠲᠡᠯᠡᠭᠡᠢ ᠳ᠋ᠠᠬᠢᠨ ᠤ ᠠᠩᠬᠠᠷᠤᠯ ᠢ ᠲᠠᠳᠠᠬᠰᠡᠨ ᠯᠤᠳᠤ ᠶᠡᠭᠡ ᠠᠮᠵᠢᠯᠳᠠ ᠤᠯᠪᠠ᠃ ᠦᠨᠤᠳᠤᠷ᠂ ᠲᠤᠮᠳᠠᠳᠤ ᠤᠯᠤᠰ ᠤᠨ ᠲᠡᠯᠡᠭᠡᠢ ᠶᠢᠨ ᠲᠠᠪᠴᠠᠩ ᠳᠠᠬᠢ ᠪᠠᠶᠢᠷᠢ ᠰᠠᠭᠤᠷᠢ ᠡᠳᠦᠷ ᠢᠷᠡᠬᠦᠶ᠎ᠡ ᠲᠡᠭᠡᠭᠰᠢᠯᠡᠵᠤ᠂ ᠴᠢᠬᠤᠯᠠ ᠶᠡᠭᠡ ᠲᠡᠯᠡᠭᠡᠢ ᠶᠢᠨ ᠴᠢᠨᠠᠷᠳᠠᠢ ᠠᠰᠠᠭᠤᠳᠠᠯ ᠢ ᠰᠢᠢᠳᠪᠤᠷᠢᠯᠡᠬᠦ ᠲᠤᠮᠳᠠ ᠤᠳᠤᠷᠢᠳᠬᠤ ᠦᠢᠯᠡᠳᠦᠯ ᠦᠵᠡᠬᠦᠯᠵᠥ ᠪᠠᠶᠢᠨ᠎ᠠ᠃ ᠨᠢᠳᠤᠨᠤᠨ ᠲᠤᠮᠳᠠᠳᠤ ᠤᠯᠤᠰ ᠬᠤᠶᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠳᠤᠷᠠᠯᠴᠠᠭᠠᠨ ᠤ ᠲᠦᠷᠦᠬᠦᠴᠤᠳ ᠤᠨ ᠶᠠᠷᠢᠶᠠᠨ ᠤ ᠲᠠᠪᠴᠠᠩ ᠢ ᠠᠮᠵᠢᠯᠳᠠ ᠲᠠᠢ ᠡᠷᠬᠢᠯᠡᠭᠰᠡᠨ ᠨᠢ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ ᠪᠠᠶᠢᠭᠤᠯᠬᠤ ᠰᠠᠨᠠᠭᠠᠴᠢᠯᠠᠭ᠎ᠠ ᠤᠯᠠᠮ ᠠᠴᠠ ᠤᠯᠠᠨ ᠤᠯᠤᠰ ᠪᠠ ᠪᠠᠶᠢᠭᠤᠯᠤᠮᠵᠢ ᠶᠢᠨ ᠲᠠᠮᠵᠢᠯᠭᠡ ᠶᠢ ᠤᠯᠤᠬᠰᠨᠨ ᠢ ᠬᠦᠢᠴᠡᠳ ᠬᠠᠷᠠᠭᠤᠯᠵᠤ᠂ ᠲᠤᠮᠳᠠᠳᠤ ᠤᠯᠤᠰ ᠤᠨ ᠬᠦᠮᠦᠨ ᠲᠦᠷᠦᠯᠬᠢᠳᠠᠨ ᠤ ᠬᠤᠪᠢ ᠵᠠᠶᠠᠭᠠᠨ ᠤ ᠬᠠᠮᠳᠤ‌‍ᠶᠢᠨ ᠴᠤᠬᠴᠠ ᠶᠢ ᠪᠠᠶᠢᠭᠤᠯᠬᠤ ᠶᠢ ᠠᠬᠢᠭᠤᠯᠬᠤ ᠳᠤ ᠦᠵᠡᠬᠦᠯᠦᠭᠰᠡᠨ ᠴᠢᠷᠮᠠᠶᠢᠯᠭ᠎ᠠ ᠨᠢ ᠤᠯᠠᠮ ᠠᠴᠠ ᠤᠯᠠᠨ ᠤᠯᠤᠰ ᠪᠠ ᠠᠷᠠᠳ ᠲᠦᠮᠡᠨ ᠳᠤ ᠵᠦᠪᠰᠢᠶᠡᠷᠡᠭᠳᠡᠭᠰᠡᠨ ᠢ ᠬᠦᠢᠴᠡᠳ ᠭᠡᠷᠡᠴᠢᠯᠡᠵᠤ ᠪᠠᠶᠢᠨ᠎ᠡ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠲᠤᠮᠳᠠᠳᠤ ᠤᠯᠤᠰ ᠬᠢᠵᠢᠭ ᠲᠠᠢ ᠲᠠᠮᠠᠴᠡᠬᠦ ᠪᠠ ᠬᠢᠵᠢᠭ ᠤᠨ ᠪᠠᠶᠢᠳᠠᠯ ᠠᠴᠠ ᠪᠤᠯᠤᠬᠰᠡᠨ ᠲᠡᠯᠡᠭᠡᠢ ᠶᠢᠨ ᠨᠦᠯᠦᠭᠡ ᠶᠢ ᠠᠷᠭᠠᠴᠠᠭᠠᠬᠤ ᠲᠠᠯ᠎ᠡ ᠪᠠᠷ ᠴᠢᠬᠤᠯᠠ ᠵᠢᠱᠢᠶᠡᠴᠢ ᠦᠢᠯᠡᠳᠦᠯ ᠦᠵᠡᠬᠦᠯᠵᠡᠢ ᠭᠡᠵᠤ ᠢᠯᠡᠳᠭᠡᠪᠡ᠃      ᠺᠠᠮᠪᠤᠵᠠ ᠲᠤᠮᠳᠠᠳᠤ ᠡᠪᠳᠡᠷᠡᠰᠢ ᠦᠭᠡᠢ ᠪᠠᠳᠤ ᠪᠠᠬᠢ ᠨᠦᠬᠦᠷᠯᠡᠯ ᠢ ᠪᠠᠶᠢᠭᠤᠯᠪᠠ᠂ ᠬᠤᠶᠠᠷ ᠤᠯᠤᠰ ᠤᠨ ᠬᠠᠮᠳᠤᠷᠠᠯᠴᠠᠭ᠎ᠠ ᠶᠢᠨ ᠬᠠᠷᠢᠯᠴᠠᠭ᠎ᠠ ᠲᠠᠰᠤᠷᠠᠯᠳᠠ ᠦᠭᠡᠢ ᠪᠠᠬᠢᠵᠢᠨ ᠬᠦᠭᠵᠢᠵᠤ᠂ ᠪᠦᠬᠦ ᠲᠠᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠪᠤᠯᠵᠤ ᠲᠡᠰ ᠲᠡᠭᠡᠭᠰᠢᠯᠡᠪᠡ᠃ ᠺᠠᠮᠪᠤᠵᠠ ᠶᠢᠨ ᠠᠷᠠᠳ ᠤᠨ ᠨᠠᠮ ᠪᠠ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠤᠭᠤᠷᠤᠨᠳᠤᠬᠢ ᠬᠠᠷᠢᠯᠴᠠᠭ᠎ᠠ ᠲᠠᠰᠤᠷᠠᠯᠳᠠ ᠦᠭᠡᠢ ᠬᠦᠨᠵᠡᠭᠡᠶᠢᠷᠠᠨ ᠬᠦᠭᠵᠢᠵᠤ᠂ ᠬᠤᠶᠠᠷ ᠨᠠᠮ ᠤᠨ ᠡᠯ᠎ᠡ ᠱᠠᠳᠤᠨ ᠤ ᠪᠦᠯᠬᠦᠮ ᠲᠤᠭᠤᠢᠢᠯᠠᠩ ᠤᠨ ᠬᠢᠨ ᠬᠠᠷᠢᠯᠴᠠᠨ ᠤᠯᠠᠨᠳᠠ ᠠᠶᠢᠯᠴᠢᠯᠠᠵᠤ᠂ ᠲᠤᠰ ᠲᠤᠰ ᠤᠨ ᠭᠤᠤᠯᠯᠠᠬᠤ ᠠᠰᠢᠭ ᠲᠤᠰᠠ ᠲᠠᠢ ᠬᠤᠯᠪᠤᠬᠳᠠᠬᠰᠡᠨ ᠠᠰᠠᠭᠤᠳᠠᠯ ᠲᠡᠭᠡᠷ᠎ᠡ ᠬᠠᠷᠢᠯᠴᠠᠨ ᠡᠷᠡᠰ ᠲᠠᠮᠵᠢᠭᠰᠡᠨ ᠢ ᠪᠢ ᠪᠠᠶᠠᠷ ᠲᠠᠢ ᠤᠯᠵᠤ ᠬᠠᠷᠠᠪᠠ᠃ ᠡᠨᠡ ᠬᠦ ᠵᠠᠪᠰᠢᠶᠠᠨ ᠢᠶᠠᠷ ᠂ ᠪᠢ ᠲᠤᠮᠳᠠᠳᠤ ᠤᠯᠤᠰ ᠤᠨ ᠡᠪ ᠬᠠᠮᠳᠤ ᠨᠠᠮ ᠪᠠ ᠶᠡᠷᠤᠩᠭᠡᠢ ᠱᠦᠵᠢ ᠲᠠᠨ ᠤ ᠺᠠᠮᠪᠤᠵᠠ ᠶᠢᠨ ᠠᠷᠠᠳ ᠤᠨ ᠨᠠᠮ ᠤᠨ ᠪᠠᠶᠢᠭᠤᠯᠤᠯᠳᠠ ᠳᠤ ᠦᠵᠡᠬᠦᠯᠦᠭᠰᠡᠨ ᠬᠦᠴᠤᠳᠠᠢ ᠲᠠᠮᠵᠢᠯᠭᠡ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠭᠡᠵᠤ ᠪᠠᠶᠢᠨ᠎ᠡ ᠭᠡᠪᠡ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号