ᠮᠠᠨ ᠤ ᠬᠤᠰᠢᠭᠤᠨ ᠤ 458 ᠰᠤᠷᠤᠭᠴᠢ ᠨᠢᠬᠡᠳᠦᠯᠳᠡᠢ ᠰᠢᠯᠭᠠᠯᠳᠠ ᠳᠤ ᠤᠷᠤᠯᠴᠠᠯ᠎ᠠ
ᠨᠡᠶᠢᠲᠡᠯᠡᠭᠰᠡᠨ ᠴᠠᠭ᠄
2020-07-07
      ᠮᠠᠨ ᠤ ᠬᠤᠰᠢᠭᠤ ᠡᠨ᠋ᠨ ᠵᠢᠯ ᠤᠨ ᠡᠩ ᠤᠨ ᠶᠡᠭᠡ ᠲᠡᠬᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠳᠦᠯᠳᠡᠢ ᠰᠢᠯᠭᠠᠯᠳᠠ ᠶᠢᠨ ᠴᠡᠭ ᠢ 1 ᠳᠣᠬᠢᠷᠠᠭᠤᠯᠵᠣ ᠳᠣᠰ ᠴᠡᠭ ᠲᠤ ᠪᠠᠨ 19 ᠰᠢᠯᠭᠠᠯᠳᠠ ᠶᠢᠨ ᠲᠠᠯᠠᠪᠠᠢ ᠭᠠᠷᠭᠠᠨ ᠡᠯ᠎ᠡ ᠭᠤᠭᠴᠤᠭᠠᠨ ᠤ ᠪᠦᠬᠦ ᠲᠠᠯ᠎ᠠ ᠶᠢᠨ ᠪᠡᠯᠡᠳᠬᠡᠯ ᠠᠵᠢᠯ ᠢ ᠰᠠᠶᠢᠳᠣᠷ ᠬᠢᠵᠤ ᠰᠢᠯᠭᠠᠯᠲᠠ ᠶᠢᠨ ᠢᠯᠭᠤᠮ ᠣᠷᠣᠭᠰᠢᠳᠠᠢ ᠶᠠᠪᠣᠭᠳᠠᠬᠤ ᠳᠤ ᠪᠠᠲᠣᠯᠠᠭ᠎ᠠ ᠬᠠᠩᠭᠠᠯ᠎ᠠ᠃      ᠬᠤᠰᠢᠭᠤ ᠰᠤᠷᠭᠠᠨ ᠬᠦᠮᠦᠵᠢᠯ ᠪᠡᠶ᠎ᠡ ᠲᠠᠮᠢᠷ ᠤᠨ ᠲᠤᠪᠴᠢᠶ᠎ᠠ ᠶᠢᠨ ᠲᠡᠳ᠋ ᠲᠠᠷᠤᠭ᠎ᠠ ᠴᠠᠭᠠᠠᠰᠤᠪᠤᠳ᠄ ︽ᠡᠨᠡ ᠵᠢᠯ  ᠤᠨ ᠰᠢᠯᠭᠠᠯᠳᠠ ᠬᠢᠵᠢᠭ ᠤᠨ ᠤᠨᠴᠠᠭᠠᠢ ᠴᠠᠭ ᠦᠶ᠎ᠡ ᠳᠤ ᠲᠤᠬᠢᠶᠠᠯᠳᠤᠭᠰᠠᠨ ᠪᠣᠯᠬᠤᠷ ᠨᠢᠭᠡᠳᠦᠬᠡᠷ ᠲᠤ ᠪᠢᠳᠠ ᠠᠯᠢᠪᠠ ᠪᠡᠯᠡᠳᠬᠡᠯ ᠲᠦᠬᠦᠬᠡᠷᠦᠮᠵᠢ ᠶᠢ ᠬᠦᠢᠴᠡᠳ ᠪᠡᠯᠡᠳᠬᠡᠵᠤ ᠬᠢᠵᠢᠭ ᠢ ᠰᠡᠷᠬᠡᠶᠢᠯᠡᠬᠦ ᠲᠤᠰᠬᠠᠢ ᠠᠩᠬᠢ ᠶᠢ ᠵᠤᠬᠢᠶᠠᠨ ᠪᠠᠶᠢᠭᠤᠯᠤᠨ ᠡᠯ᠎ᠡ ᠭᠤᠭᠴᠤᠭᠠᠨ ᠤ ᠠᠮᠤᠷ ᠲᠦᠪᠰᠢᠨ ᠢ ᠰᠠᠶᠢᠳᠤᠷ ᠬᠠᠮᠠᠭᠠᠯᠠᠵᠤ ᠰᠣᠷᠣᠭᠴᠢᠳ ᠲᠤ ᠠᠮᠤᠷ ᠲᠦᠪᠰᠢᠨ ᠰᠢᠯᠭᠠᠯᠳᠠ ᠶᠢᠨ ᠤᠷᠴᠢᠨ ᠲᠤᠭᠤᠷᠢᠨ ᠢ ᠪᠦᠷᠢᠯᠳᠤᠬᠦᠯᠵᠤ ᠦᠭᠬᠦᠭᠰᠡᠨ ᠪᠠᠶᠢᠨ᠎ᠠ᠃ ᠬᠤᠶᠠᠳᠤᠭᠠᠷ ᠲᠤ ᠰᠢᠯᠭᠠᠯᠳᠠ ᠶᠢᠨ ᠠᠮᠤᠷ ᠲᠦᠪᠰᠢᠨ ᠢ ᠬᠦᠢᠴᠡᠳ ᠪᠠᠳᠤᠯᠠᠬᠤ ᠶᠢᠨ ᠲᠥᠯᠦᠬᠡ ᠰᠢᠯᠭᠠᠯᠳᠠ ᠶᠢ ᠬᠠᠷᠢᠭᠤᠴᠠᠵᠤ ᠪᠠᠶᠢᠭ᠎ᠠ ᠠᠵᠢᠯᠳᠠᠳ ᠢᠶᠠᠨ ᠮᠠᠨ ᠤ ᠬᠤᠰᠢᠭᠤᠨ ᠤ ᠨᠢᠭᠤᠴᠠ ᠶᠢ ᠬᠠᠮᠠᠭᠠᠯᠠᠬᠤ ᠲᠤᠪᠴᠢᠶᠠᠨ ᠳᠤ ᠬᠡᠳᠦ ᠤᠳᠠᠭᠠᠨ ᠤ ᠬᠤᠷᠠᠯ ᠰᠤᠷᠤᠯᠴᠠᠯᠭ᠎ᠠ ᠪᠤᠶᠤ ᠪᠤᠯᠪᠠᠰᠤᠷᠠᠯ ᠢ ᠡᠷᠴᠢᠮᠳᠠᠢ ᠬᠢᠵᠦ ᠬᠠᠷᠢᠭᠤᠴᠠᠯᠭᠠᠳᠤ ᠤᠪᠤᠷ ᠢ ᠨᠢ ᠶᠡᠬᠡᠪᠡᠷ ᠲᠡᠬᠡᠭᠰᠢᠯᠡᠬᠦᠯᠵᠦ ᠪᠦᠬᠦ ᠰᠤᠷᠤᠭᠴᠢᠳ ᠲᠤ ᠠᠮᠤᠷ ᠲᠦᠪᠰᠢᠨ᠂ ᠡᠷᠬᠡ ᠲᠡᠭᠰᠢ᠂ ᠲᠦᠪ ᠭᠤᠤᠯᠴᠢ ᠤᠷᠴᠢᠨ ᠲᠤᠭᠤᠷᠢᠨ ᠢ ᠪᠦᠷᠢᠯᠳᠤᠬᠦᠯᠵᠦ ᠴᠢᠳᠠᠪᠠ᠃ ᠭᠤᠷᠪᠠᠳᠤᠭᠠᠷ ᠲᠤ ᠡᠯ᠎ᠡ ᠰᠠᠯᠠᠭ᠎ᠠ ᠮᠦᠴᠢᠷ ᠤᠨ ᠬᠢᠨ ᠬᠠᠮᠳᠤᠷᠠᠨ ᠠᠵᠢᠯᠯᠠᠬᠤ ᠲᠤᠭᠳᠠᠯᠴᠠᠭ᠎ᠠ ᠶᠢ ᠪᠠᠶᠢᠭᠤᠯᠵᠤ ᠨᠠᠷᠢᠨ ᠲᠦᠷᠢᠮ ᠲᠤᠭᠳᠠᠭᠠᠯ ᠭᠠᠷᠭᠠᠵᠤ ᠪᠠᠳᠤᠯᠠᠭᠰᠠᠨ ᠪᠠᠶᠢᠨ᠎ᠠ︾ ᠭᠡᠪᠡ᠃      ᠡᠨ᠋ᠨ ᠵᠢᠯ ᠤᠨ ᠡᠩ ᠤᠨ ᠶᠡᠭᠡ ᠲᠡᠬᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠳᠦᠯᠳᠡᠢ ᠰᠢᠯᠭᠠᠯᠲᠠ ᠳᠤ ᠮᠠᠨ ᠤ ᠬᠤᠰᠢᠭᠤᠨ ᠤ ᠡᠯ᠎ᠡ ᠰᠠᠯᠠᠭ᠎ᠠ ᠮᠦᠴᠢᠷ ᠤᠨ ᠬᠢᠨ ᠬᠠᠪᠰᠣᠷᠣᠯᠴᠠᠨ ᠬᠢᠵᠢᠭ ᠤᠨ ᠤᠨᠴᠠᠭᠠᠢ ᠴᠠᠭ ᠦᠶ᠎ᠡ ᠳᠠᠬᠢ ᠤᠯᠤᠰ ᠤᠨ ᠨᠢᠬᠡᠳᠦᠯᠳᠡᠢ ᠰᠢᠯᠭᠠᠯᠲᠠ ᠳᠤ ᠪᠦᠷᠢᠨ ᠬᠦᠢᠴᠡᠳ ᠪᠦᠬᠦ ᠲᠠᠯ᠎ᠠ ᠶᠢᠨ ᠪᠡᠯᠡᠳᠬᠡᠯ ᠠᠵᠢᠯ ᠢ ᠢᠳᠡᠪᠬᠢᠳᠡᠢ ᠪᠠᠶᠢᠷᠢᠯᠠᠭᠤᠯᠤᠨ ᠯᠡᠪᠳᠠᠭᠤᠨ ᠪᠡᠳᠣᠳᠡᠢ ᠶᠠᠪᠣᠭᠳᠠᠬᠤ ᠳᠤ ᠪᠠᠳᠤᠯᠠᠭ᠎ᠠ ᠬᠠᠩᠭᠠᠵᠣ ᠮᠠᠨ ᠤ ᠬᠤᠰᠢᠭᠤᠨ ᠤ 458 ᠰᠤᠷᠤᠭᠴᠢ ᠰᠢᠯᠭᠠᠯᠲᠠ ᠳᠤ ᠤᠷᠤᠯᠴᠠᠵᠠᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号