ᠮᠠᠨ ᠤ ᠬᠤᠰᠢᠭᠤ ᠲᠤᠰᠬᠠᠢ ᠰᠢᠮ᠎ᠡ ᠳᠡᠵᠢᠬᠡᠯᠲᠤ ᠪᠤᠷᠳᠤᠭᠠᠨ ᠤ ᠲᠦᠷᠦᠯ ᠵᠦᠢᠯ ᠢ ᠬᠡᠷᠡᠭᠵᠢᠬᠦᠯᠵᠦ ᠣᠷᠳᠣᠰ ᠨᠠᠷᠢᠨ ᠨᠣᠣᠰᠣᠲᠤ ᠬᠤᠨᠢᠨ ᠤ ᠠᠰᠢᠭ ᠰᠢᠮ᠎ᠡ ᠶᠢ ᠨᠡᠮᠡᠭᠳᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2020-07-07
     ᠣᠷᠳᠣᠰ ᠨᠠᠷᠢᠨ ᠨᠣᠣᠰᠣᠲᠤ ᠬᠤᠨᠢ ᠪᠣᠯ ᠮᠠᠨ ᠤ ᠬᠤᠰᠢᠭᠤᠨ ᠤ ᠮᠠᠯᠴᠢᠨ ᠲᠦᠮᠡᠨ ᠤ ᠮᠠᠯᠵᠢᠬᠤ ᠦᠢᠯᠡᠳᠪᠦᠷᠢᠯᠡᠯ ᠤᠨ ᠭᠤᠣᠯ ᠲᠤᠯᠭᠠᠭᠤᠷᠢ᠂ ᠮᠠᠯᠴᠢᠳ ᠤᠨ ᠣᠷᠣᠯᠭ᠎ᠠ ᠶᠢᠨ ᠭᠤᠣᠯ ᠢᠷᠡᠯᠲᠡ ᠪᠣᠯᠵᠤ ᠪᠠᠶᠢᠳᠠᠭ ᠶᠤᠮ᠃ ᠮᠠᠨ ᠤ ᠬᠤᠰᠢᠭᠤᠨ ᠤ ᠮᠠᠯ ᠲᠠᠷᠢᠶᠠᠯᠠᠩ ᠤᠨ ᠲᠣᠪᠴᠢᠶ᠎ᠠ ᠨᠢ ᠲᠤᠰᠬᠠᠢ ᠮᠡᠷᠭᠡᠵᠢᠯᠲᠡᠨ ᠲᠠᠢ ᠬᠠᠮᠵᠢᠯᠴᠠᠨ ᠲᠤᠰᠬᠠᠢ ᠰᠢᠮ᠎ᠡ ᠳᠡᠵᠢᠬᠡᠯᠲᠤ ᠪᠤᠷᠳᠤᠭᠠᠨ ᠤ ᠲᠦᠷᠦᠯ ᠵᠦᠢᠯ ᠢ ᠲᠤᠷᠰᠢᠨ ᠬᠡᠷᠡᠭᠵᠢᠬᠦᠯᠬᠦ ᠪᠠᠷ ᠳᠠᠮᠵᠢᠨ ᠮᠠᠯᠴᠢᠳ ᠤᠨ ᠣᠷᠳᠣᠰ ᠨᠠᠷᠢᠨ ᠨᠣᠣᠰᠣᠲᠤ ᠬᠤᠨᠢᠨ ᠤ ᠠᠰᠢᠭ ᠰᠢᠮ᠎ᠡ ᠶᠢ ᠳᠡᠭᠡᠭᠰᠢᠯᠡᠬᠦᠯᠦᠨ ᠲᠡᠳᠡᠨ ᠤ ᠣᠷᠣᠯᠭ᠎ᠠ ᠶᠢᠨ ᠨᠡᠮᠡᠭᠳᠡᠯ  ᠳᠤ ᠲᠤᠰᠠᠯᠠᠵᠤ ᠪᠠᠶᠢᠨ᠎ᠠ᠃      ᠬᠥᠬᠡᠮᠠᠩᠬ᠎ᠠ ᠭᠠᠴᠠᠭᠠᠨ ᠤ ᠮᠠᠯᠴᠢᠨ ᠨᠠᠷᠠᠨᠮᠠᠨᠳᠤᠬᠤ ᠶᠢᠨ ᠬᠢᠨ ᠲᠤᠰᠬᠠᠶᠢᠯᠠᠨ ᠨᠢᠭᠡ ᠬᠤᠨᠢ ᠪᠠᠨ ᠬᠠᠶᠢᠴᠢᠯᠠᠭᠰᠠᠨ ᠤ ᠳᠠᠷᠠᠭ᠎ᠠ ᠨᠣᠣᠰᠣᠨ ᠤ ᠤᠷᠲᠤᠴᠠ᠂ ᠬᠦᠨᠳᠦᠴᠡ᠂ ᠴᠢᠨᠠᠷ ᠵᠢᠴᠢ ᠬᠤᠨᠢᠨ ᠤ ᠪᠡᠶ᠎ᠡ ᠶᠢᠨ ᠬᠦᠨᠳᠦ ᠶᠢ ᠬᠡᠮᠵᠢᠵᠦ ᠨᠠᠷᠢᠨ ᠲᠡᠮᠳᠡᠭᠯᠡᠵᠦ ᠠᠪᠤᠯ᠎ᠠ᠃ ᠨᠠᠷᠠᠨᠮᠠᠨᠳᠤᠬᠤ ᠶᠢᠨ ᠬᠢᠨ ᠨᠢᠳᠤᠨᠤᠨ ᠠᠴᠠ ᠡᠬᠢᠯᠡᠵᠦ ᠨᠠᠷᠢᠨ ᠨᠣᠣᠰᠣᠲᠤ ᠬᠤᠨᠢ ᠪᠠᠨ ᠲᠤᠰᠬᠠᠢ ᠰᠢᠮ᠎ᠡ ᠳᠡᠵᠢᠬᠡᠯᠲᠤ ᠪᠤᠷᠳᠤᠭ᠎ᠠ ᠪᠠᠷ ᠪᠤᠷᠳᠤᠨ ᠲᠡᠵᠢᠬᠡᠵᠦ ᠡᠬᠢᠯᠡᠵᠡᠢ᠃      ᠮᠠᠯᠴᠢᠨ ᠨᠠᠷᠠᠨᠮᠠᠨᠳᠤᠬᠤ᠄ ︽2019 ᠣᠨ ᠳᠤ ᠳᠡᠭᠡᠷ᠎ᠡ ᠱᠠᠲᠤᠨ ᠠᠴᠠ ᠲᠥᠯᠵᠢᠬᠦ ᠮᠠᠯ ᠳᠤ ᠲᠤᠰᠬᠠᠢ ᠰᠢᠮ᠎ᠡ ᠳᠡᠵᠢᠬᠡᠯᠳᠣ ᠪᠤᠷᠳᠤᠭᠠᠨ ᠤ ᠲᠥᠷᠥᠯ ᠵᠦᠢᠯ ᠢ ᠥᠭᠭᠦᠭᠰᠡᠨ ᠨᠢ ᠶᠡᠭᠡ ᠰᠠᠶᠢᠨ ᠪᠠᠶᠢᠨ᠎ᠠ᠂ ᠤᠤᠯ ᠨᠢ ᠵᠥᠪᠬᠡᠨ ᠢᠬᠢᠷᠡᠯᠡᠬᠦ ᠠᠴᠠ ᠭᠤᠷᠪᠠ ᠭᠠᠷᠬᠤ ᠦᠵᠡᠭᠳᠡᠯ ᠶᠡᠷᠦ ᠪᠠᠶᠢᠭᠰᠠᠨ ᠦᠭᠡᠢ᠂ ᠡᠨᠡ ᠪᠣᠷᠳᠤᠭ᠎ᠠ‌‍ᠶᠢ ᠲᠡᠵᠢᠭᠡᠭᠰᠡᠨ ᠠᠴᠠ ᠬᠤᠶᠢᠰᠢ ᠨᠢᠳᠤᠨᠤᠨ ᠮᠠᠨ ᠤ ᠬᠢᠨ ᠳᠥᠷᠪᠡᠨ ᠬᠤᠨᠢ ᠭᠤᠷᠪᠠᠨ ᠬᠤᠷᠠᠭ᠎ᠠ ᠭᠠᠷᠴᠤ ᠢᠬᠢᠷᠡᠯᠡᠬᠦ ᠨᠤᠷᠮ᠎ᠠ ᠨᠢ ᠵᠠᠭᠤᠨ ᠤ ᠲᠡᠪᠢ ᠠᠴᠠ ᠵᠢᠷᠠ ᠬᠦᠷᠦᠭᠰᠡᠨ ᠪᠠᠶᠢᠨ᠎ᠠ᠃ ᠬᠤᠨᠢᠨ ᠤ ᠠᠬᠠᠷ ᠨᠣᠣᠰᠣ ᠨᠢ ᠴᠤ ᠨᠢᠳᠤᠨᠤᠨ ᠠᠴᠠ ᠨᠢᠭᠡ ᠠᠴᠠ ᠬᠤᠶᠠᠷ ᠵᠢᠩ ᠨᠡᠮᠡᠭᠳᠡᠭᠰᠡᠨ ᠪᠠᠶᠢᠳᠠᠯ ᠲᠠᠢ︾ ᠭᠡᠪᠡ᠃      ᠮᠠᠨ ᠤ ᠬᠤᠰᠢᠭᠤ ᠣᠷᠳᠣᠰ ᠨᠠᠷᠢᠨ ᠨᠣᠣᠰᠣᠲᠤ ᠬᠤᠨᠢ ᠮᠠᠯᠵᠢᠬᠤ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠥᠯᠥᠭᠡ ᠬᠤᠰᠢᠭᠤ ᠮᠠᠯ ᠲᠠᠷᠢᠶᠠᠯᠠᠩ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠮᠢᠲᠠᠨ ᠤ ᠰᠢᠮ᠎ᠡ ᠲᠡᠵᠢᠭᠡᠯ ᠪᠤᠯᠤᠨ ᠪᠣᠷᠳᠤᠭ᠎ᠠ ᠰᠤᠳᠤᠯᠬᠤ ᠭᠠᠵᠠᠷ ᠤᠨ ᠲᠤᠰᠬᠠᠢ ᠮᠡᠷᠭᠡᠵᠢᠯᠲᠡᠨ ᠲᠠᠢ ᠬᠠᠮᠲᠤᠷᠠᠨ ᠠᠬᠠᠷ ᠨᠣᠣᠰᠣ ᠶᠢᠨ ᠬᠡᠷᠡᠭᠴᠡᠭᠡᠲᠦ ᠬᠤᠨᠢ ᠢᠮᠠᠭᠠᠨ ᠤ ᠰᠢᠮ᠎ᠡ ᠲᠡᠵᠢᠭᠡᠯ ᠢ ᠲᠣᠬᠢᠷᠠᠭᠤᠯᠬᠤ ᠮᠡᠷᠭᠡᠵᠢᠯ ᠪᠣᠯᠣᠨ ᠲᠤᠰᠬᠠᠢ ᠪᠣᠷᠳᠣᠭᠠᠨ ᠤ ᠰᠤᠳᠤᠯᠭᠠᠨ ᠤ ᠵᠢᠱᠢᠶᠠᠴᠢ ᠲᠥᠷᠥᠯ ᠵᠦᠢᠯ ᠢ ᠳᠥᠷᠪᠡᠨ ᠡᠷᠦᠬᠡ ᠳᠤ ᠲᠤᠷᠰᠢᠨ ᠭᠡᠷᠡᠭᠵᠢᠬᠦᠯᠵᠦ ᠲᠥᠯᠵᠢᠬᠦ ᠬᠤᠨᠢᠨ ᠤ ᠰᠢᠮ᠎ᠡ ᠲᠡᠵᠢᠭᠡᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠬᠡᠭᠡᠯᠲᠦᠭᠦᠯᠭᠡ ᠶᠢᠨ ᠦᠶ᠎ᠡ ᠳᠤ ᠪᠡᠶ᠎ᠡ ᠶᠢᠨ ᠬᠦᠨᠳᠦᠴᠡ ᠶᠢ 51 ᠺᠢᠯᠣᠭ᠍ᠷᠠᠮ ᠠᠴᠠ ᠳᠡᠭᠡᠭᠰᠢ ᠪᠠᠶᠢᠬᠤ ᠶᠢ ᠪᠠᠲᠤᠯᠠᠵᠤ ᠡᠭᠦᠪᠡᠷ ᠳᠠᠮᠵᠢᠭᠤᠯᠤᠨ ᠨᠠᠷᠢᠨ ᠨᠣᠣᠰᠣᠲᠤ ᠬᠤᠨᠢᠨ ᠤ ᠠᠬᠠᠷ ᠨᠣᠣᠰᠣ ᠶᠢᠨ ᠴᠢᠨᠠᠷ ᠪᠣᠯᠣᠨ ᠲᠥᠯᠵᠢᠬᠦ ᠨᠤᠷᠮ᠎ᠠ ᠶᠢ ᠳᠡᠭᠡᠭᠰᠢᠯᠡᠭᠦᠯᠦᠨ ᠮᠠᠯᠴᠢᠳ ᠤᠨ ᠠᠰᠢᠭ ᠣᠷᠣᠯᠭ᠎ᠠ ᠶᠢ ᠨᠡᠮᠡᠭᠳᠡᠭᠦᠯᠬᠦ ᠶᠢ ᠵᠣᠷᠢᠭᠰᠠᠨ ᠪᠠᠶᠢᠨ᠎ᠠ᠃ ᠡᠬᠦᠨ ᠢᠶᠠᠷ ᠪᠠᠷᠠᠬᠤ ᠦᠭᠡᠢ ᠪᠠᠰᠠ ᠬᠤᠷᠠᠭᠠᠨ ᠤ ᠰᠢᠮ᠎ᠡ ᠲᠡᠵᠢᠭᠡᠯ ᠢ ᠲᠣᠬᠢᠷᠠᠭᠤᠯᠤᠨ ᠡᠭᠦᠯᠳᠡᠷ ᠢ ᠰᠠᠶᠢᠵᠢᠷᠠᠭᠤᠯᠤᠨ ᠰᠢᠯᠢᠳᠡᠭᠵᠢᠭᠦᠯᠬᠦ ᠰᠤᠳᠤᠯᠭᠠᠨ ᠬᠢᠭᠰᠡᠨ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠮᠢᠲᠠᠨ ᠤ ᠰᠢᠮ᠎ᠡ ᠲᠡᠵᠢᠭᠡᠯ ᠬᠢᠭᠡᠳ ᠪᠣᠷᠳᠤᠭ᠎ᠠ ᠰᠤᠳᠤᠯᠬᠤ ᠭᠠᠵᠠᠷ ᠤᠨ ᠳᠠᠷᠤᠭ᠎ᠠ᠂ ᠰᠤᠳᠤᠯᠤᠭᠴᠢ ᠰᠦᠨ ᠬᠠᠢ ᠵᠸᠦ᠄ ︽ᠡᠨᠡ ᠬᠤᠶᠠᠷ ᠵᠢᠯ ᠤᠨ ᠲᠤᠷᠰᠢᠯᠲᠠ ᠠᠴᠠ ᠦᠵᠡᠪᠡᠯ ᠮᠠᠨ ᠤ ᠦᠦᠰᠢᠨ ᠬᠤᠰᠢᠭᠤᠨ ᠤ ᠲᠤᠷᠰᠢᠯᠲᠠ ᠶᠢᠨ ᠣᠷᠳᠣᠰ ᠨᠠᠷᠢᠨ ᠨᠣᠣᠰᠣᠲᠤ ᠬᠤᠨᠢᠨ ᠤ ᠦᠷᠡᠵᠢᠯᠲᠡ ᠶᠢᠨ ᠨᠤᠷᠮ᠎ᠠ ᠨᠢ ᠪᠦᠷ ᠵᠠᠭᠤᠨ ᠲᠡᠪᠢ ᠠᠴᠠ ᠳᠡᠭᠡᠭᠰᠢ ᠪᠣᠯᠣᠭᠰᠠᠨ ᠪᠠᠶᠢᠨ᠎ᠠ᠃ ᠡᠨᠡ ᠨᠢ ᠣᠷᠳᠣᠰ ᠨᠠᠷᠢᠨ ᠨᠣᠣᠰᠣᠲᠤ ᠬᠤᠨᠢᠨ ᠤ ᠠᠰᠢᠭ ᠣᠷᠣᠯᠭ᠎ᠠ ᠶᠢ ᠶᠡᠬᠡᠪᠡᠷ ᠨᠡᠮᠡᠭᠳᠡᠭᠦᠯᠦᠭᠰᠡᠨ ᠪᠠᠶᠢᠨ᠎ᠠ᠃ ᠵᠥᠪᠬᠡᠨ ᠢᠬᠢᠷ᠎ᠡ ᠲᠥᠯ ᠢᠶᠠᠷ ᠠᠪᠴᠤ ᠬᠡᠯᠡᠭᠰᠡᠨ ᠴᠤ ᠳᠤᠮᠳᠠᠴᠢ ᠪᠠᠷ 800 — 1200 ᠲᠥᠭᠦᠷᠢᠭ ᠤᠨ ᠣᠷᠣᠯᠭ᠎ᠠ ᠶᠢᠨ ᠨᠡᠮᠡᠭᠳᠡᠯ ᠲᠠᠢ᠂ ᠲᠡᠭᠡᠪᠡᠯ ᠨᠣᠣᠰᠣᠨ ᠤ ᠴᠢᠨᠠᠷ ᠤᠨ ᠲᠠᠯ᠎ᠠ ᠪᠠᠷ ᠴᠤ ᠮᠠᠰᠢ ᠰᠠᠶᠢᠨ ᠦᠷ᠎ᠡ ᠪᠦᠲᠦᠮᠵᠢ ᠳᠤ ᠬᠦᠷᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠪᠢᠳᠠ ᠡᠭᠦᠯᠳᠡᠷ ᠪᠣᠶᠢᠵᠢᠭᠤᠯᠬᠤ᠂ ᠡᠭᠦᠯᠳᠡᠷ ᠰᠠᠶᠢᠵᠢᠷᠠᠭᠤᠯᠬᠤ ᠲᠠᠯ᠎ᠠ ᠪᠠᠷ ᠰᠤᠳᠤᠯᠭ᠎ᠠ ᠪᠠᠨ ᠭᠦᠨᠵᠡᠭᠡᠶᠢᠷᠡᠭᠦᠯᠵᠦ ᠮᠥᠨᠴᠦ ᠠᠵᠤ ᠠᠬᠤᠶᠢᠯᠠᠯ ᠲᠠᠢ ᠰᠢᠭᠤᠳ ᠬᠠᠷᠢᠯᠴᠠᠭ᠎ᠠ ᠶᠢ ᠴᠢᠩᠭᠠᠳᠬᠠᠬᠤ ᠪᠠᠷ ᠲᠥᠯᠥᠪᠯᠡᠵᠦ ᠪᠠᠶᠢᠨ᠎ᠠ︾ ᠭᠡᠪᠡ᠃      ᠣᠶᠢᠯᠠᠭᠠᠭᠰᠠᠨ ᠢᠶᠠᠷ᠂ ᠠᠩᠬ᠎ᠠ ᠠᠯᠬᠤᠮ ᠮᠠᠨ ᠤ ᠬᠤᠰᠢᠭᠤᠨ ᠤ ᠳᠥᠷᠪᠡᠨ ᠡᠷᠦᠬᠡ ᠶᠢᠨ 200 ᠲᠥᠯᠵᠢᠬᠦ ᠬᠤᠨᠢ 300 ᠬᠤᠷᠠᠭ᠎ᠠ ᠶᠢ ᠲᠤᠰᠬᠠᠢ ᠰᠢᠮ᠎ᠡ ᠳᠡᠵᠢᠬᠡᠯᠲᠤ ᠪᠤᠷᠳᠤᠭ᠎ᠠ ᠪᠠᠷ ᠲᠤᠷᠰᠢᠨ ᠲᠡᠵᠢᠬᠡᠵᠦ ᠮᠠᠰᠢ ᠰᠠᠶᠢᠨ ᠦᠷ᠎ᠡ ᠪᠦᠲᠦᠮᠵᠢ ᠤᠯᠤᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号