ᠰᠢ ᠶᠢᠨ ᠫᠢᠩ ᠪᠤᠯᠤᠨ ᠠᠷᠭᠧᠨ᠋ᠲ᠋ᠢᠨ ᠤ ᠶᠡᠷᠤᠩᠬᠡᠶᠢᠯᠡᠭᠴᠢ ᠹᠸᠢᠢᠷᠨᠠᠨᠳᠧᠰ ᠬᠠᠷᠢᠯᠴᠠᠨ ᠵᠠᠬᠢᠳᠠᠯ ᠢᠯᠡᠬᠡᠪᠡ
ᠨᠡᠶᠢᠲᠡᠯᠡᠭᠰᠡᠨ ᠴᠠᠭ᠄
2020-07-08
     ᠰᠢᠨᠬᠤᠸᠠ ᠬᠤᠷᠢᠶᠡᠨ ᠤ ᠪᠡᠭᠡᠵᠢᠩ ᠤᠨ 7 ᠰᠠᠷ᠎ᠠ ᠶᠢᠨ 7 ᠤ ᠴᠠᠬᠢᠯᠭᠠᠨ ᠮᠡᠳᠡᠭᠡ ᠤᠯᠤᠰ ᠤᠨ ᠲᠡᠷᠢᠬᠦᠯᠡᠭᠴᠢ ᠰᠢ ᠶᠢᠨ ᠫᠢᠩ ᠤᠢᠢᠷ᠎ᠠ ᠳᠤ ᠠᠷᠭᠧᠨ᠋ᠲ᠋ᠢᠨ ᠤ ᠶᠡᠷᠤᠩᠬᠡᠶᠢᠯᠡᠭᠴᠢ ᠹᠸᠢᠢᠷᠨᠠᠨᠳᠧᠰ ᠲᠠᠢ ᠬᠠᠷᠢᠯᠴᠠᠨ ᠵᠠᠬᠢᠳᠠᠯ ᠢᠯᠡᠬᠡᠵᠥ᠂ ᠬᠤᠶᠠᠷ ᠤᠯᠤᠰ ᠢᠶᠠᠷ ᠢᠶᠠᠨ ᠭᠠᠷ ᠬᠤᠯᠪᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ᠂ ᠡᠯ᠎ᠡ ᠬᠦᠷᠢᠶᠡᠨ ᠤ ᠪᠤᠳᠠᠳᠠᠢ ᠶᠢ ᠡᠷᠬᠢᠮᠯᠡᠭᠰᠡᠡ ᠬᠠᠮᠳᠤᠷᠠᠯᠴᠠᠭ᠎ᠠ ᠶᠢ ᠴᠢᠩᠭᠠᠳᠬᠠᠬᠤ ᠲᠤᠬᠠᠢ ᠰᠠᠨᠠᠯ ᠢᠶᠠᠨ ᠰᠤᠯᠢᠯᠴᠠᠪᠠ      ᠰᠢ ᠶᠢᠨ ᠫᠢᠩ᠂ ᠬᠢᠵᠢᠭ ᠤᠨ ᠪᠠᠶᠢᠳᠠᠯ ᠤᠨ ᠡᠮᠤᠨ᠎ᠡ᠂ ᠲᠤᠮᠳᠠᠳᠤ ᠠᠷᠭᠧᠨ᠋ᠲ᠋ᠢᠨ ᠤ ᠠᠷᠠᠳ ᠲᠦᠮᠡᠨ ᠬᠠᠷᠢᠯᠴᠠᠨ ᠲᠠᠮᠵᠢᠯᠴᠡᠨ ᠬᠠᠳᠠᠭᠤ ᠪᠡᠷᠭᠡᠰᠢᠶᠡᠯ ᠢ ᠬᠠᠮᠳᠤ ᠪᠠᠷ ᠲᠤᠭᠤᠯᠵᠤ᠂ ᠬᠤᠶᠠᠷ ᠤᠯᠤᠰ ᠤᠨ ᠠᠷᠠᠳ ᠲᠦᠮᠡᠨ ᠤ ᠬᠦᠨ ᠵᠤᠵᠠᠭᠠᠨ ᠨᠦᠬᠦᠷᠯᠡᠯ ᠢ ᠢᠯᠡᠷᠡᠬᠦᠯᠵᠠᠢ᠃ ᠤᠳᠤᠬᠠᠨ ᠳᠤ᠂ ᠲᠤᠮᠳᠠᠳᠤ ᠤᠯᠤᠰ ᠪᠤᠯᠤᠨ ᠠᠷᠭᠧᠨ᠋ᠲ᠋ᠢᠨ ᠵᠢᠴᠢ ᠯᠠᠲ᠋ᠢᠨ ᠠᠮᠧᠷᠢᠺᠠ ᠶᠢᠨ ᠤᠯᠤᠰ ᠤᠳ ᠪᠦᠷ ᠬᠢᠵᠢᠭ ᠲᠠᠢ ᠲᠡᠮᠡᠴᠡᠬᠦ᠂ ᠠᠵᠥ ᠠᠬᠤᠢ ᠪᠠᠨ ᠲᠤᠭᠳᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠳᠤᠯᠠᠬᠤ ᠬᠠᠳᠠᠭᠤ ᠡᠬᠦᠷᠬᠡ ᠳᠤ ᠲᠤᠯᠭᠠᠷᠠᠵᠥ ᠪᠠᠶᠢᠨ᠎ᠠ᠃ ᠲᠤᠮᠳᠠᠳᠤ ᠤᠯᠤᠰ ᠲᠤᠷᠠᠳᠠᠶ᠎ᠠ ᠠᠷᠭᠧᠨ᠋ᠲ᠋ᠢᠨ ᠯᠤᠭ᠎ᠠ ᠬᠢᠵᠢᠭ ᠲᠠᠢ ᠲᠡᠮᠡᠴᠡᠬᠦ ᠬᠠᠮᠳᠤᠷᠠᠯᠴᠠᠭ᠎ᠠ ᠶᠢ ᠢᠳᠡᠪᠬᠢᠳᠡᠢ ᠦᠷᠨᠢᠬᠦᠯᠬᠦ ᠶᠢᠨ ᠬᠠᠮᠳᠤ ᠠᠷᠭᠧᠨ᠋ᠲ᠋ᠢᠨ ᠳᠤ ᠴᠢᠲᠠᠯ ᠤᠨ ᠬᠢᠷᠢ ᠪᠠᠷ ᠬᠠᠪᠰᠤᠷᠤᠯᠭ᠎ᠠ ᠬᠠᠩᠭᠠᠨ᠎ᠠ ᠬᠡᠵᠥ ᠴᠢᠬᠤᠯᠠᠴᠢᠯᠠᠪᠠ᠃ ᠰᠢ ᠶᠢᠨ ᠫᠢᠩ᠂ ᠲᠤᠮᠳᠠᠳᠤ ᠤᠯᠤᠰ ᠠᠷᠭᠧᠨ᠋ᠲ᠋ᠢᠨ ᠤ ᠤᠯᠤᠰ ᠤᠨ ᠲᠤᠬᠳᠠᠭᠤᠨ ᠪᠠ ᠬᠦᠭᠵᠢᠯᠳᠠ ᠪᠠᠨ ᠬᠠᠮᠠᠭᠠᠯᠠᠬᠤ ᠳᠤ ᠭᠠᠷᠭᠠᠬᠰᠡᠨ ᠴᠢᠷᠮᠠᠶᠢᠯᠭ᠎ᠠ ᠶᠢ ᠡᠷᠡᠰ ᠲᠠᠮᠵᠢᠨ᠎ᠡ᠂ ᠲᠤᠷᠠᠳᠠᠶ᠎ᠡ ᠬᠤᠶᠠᠷ ᠤᠯᠤᠰ ᠤᠨ ᠡᠯ᠎ᠡ ᠬᠦᠷᠢᠶᠠᠨ ᠤ ᠨᠦᠬᠦᠷᠰᠡᠭ ᠰᠤᠯᠢᠯᠴᠠᠭ᠎ᠠ ᠪᠠ ᠪᠤᠳᠠᠳᠠᠢ ᠶᠢ ᠡᠷᠬᠢᠮᠯᠡᠭᠰᠡᠡ ᠬᠠᠮᠳᠤᠷᠠᠯᠴᠠᠭ᠎ᠠ ᠶᠢ ᠬᠦᠨᠵᠡᠭᠡᠶᠢᠷᠠᠬᠦᠯᠵᠤ᠂ ᠲᠤᠮᠳᠠᠳᠤ ᠠᠷᠭᠧᠨ᠋ᠲ᠋ᠢᠨ ᠤ ᠪᠦᠬᠦ ᠲᠠᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢᠨ ᠨᠡᠩ ᠰᠠᠶᠢᠨ ᠬᠦᠭᠵᠢᠬᠦ ᠶᠢ ᠠᠬᠢᠭᠤᠯᠤᠨ᠎ᠡ ᠭᠡᠵᠤ ᠴᠢᠬᠤᠯᠠᠴᠢᠯᠠᠪᠠ᠃      ᠹᠸᠢᠢᠷᠨᠠᠨᠳᠧᠰ᠂ ᠲᠤᠮᠳᠠᠳᠤ ᠤᠯᠤᠰ ᠤᠨ ᠵᠠᠰᠠᠭ ᠤᠨ ᠤᠷᠳᠤᠨ ᠪᠤᠯᠤᠨ ᠠᠷᠠᠳ ᠲᠦᠮᠡᠨ ᠤ ᠬᠢᠵᠢᠭ ᠤᠨ ᠪᠠᠶᠢᠳᠠᠯ ᠢ ᠠᠷᠭᠠᠴᠠᠭᠠᠬᠤ ᠶᠢᠨ ᠲᠦᠯᠦᠭᠡ ᠭᠠᠷᠭᠠᠬᠰᠡᠨ ᠯᠤᠳᠤ ᠶᠡᠭᠡ ᠴᠢᠷᠮᠠᠶᠢᠯᠭ᠎ᠠ ᠪᠠ ᠤᠯᠠᠨ ᠤᠯᠤᠰ ᠤᠨ ᠬᠢᠵᠢᠭ ᠲᠠᠢ ᠲᠡᠮᠡᠴᠡᠬᠦ ᠲᠠᠮᠠᠴᠡᠯ ᠲᠤᠮᠳᠠ ᠪᠠᠳᠠᠷᠠᠭᠤᠯᠤᠬᠰᠡᠨ ᠤᠳᠤᠷᠢᠳᠬᠤ ᠦᠢᠯᠡᠳᠦᠯ ᠳᠤ ᠲᠠᠯᠠᠷᠬᠠᠵᠤ ᠪᠠᠶᠢᠨ᠎ᠡ᠂ ᠲᠤᠮᠳᠠᠳᠤ ᠤᠯᠤᠰ ᠤᠨ ᠠᠷᠭᠧᠨ᠋ᠲ᠋ᠢᠨ ᠳᠤ ᠦᠵᠡᠬᠦᠯᠦᠭᠰᠡᠨ ᠲᠠᠮᠵᠢᠯᠭᠡ ᠳᠤ ᠤᠨᠴᠠᠭᠠᠢᠢᠯᠠᠨ ᠲᠠᠯᠠᠷᠬᠠᠵᠤ ᠪᠠᠶᠢᠨ᠎ᠡ᠃ ᠵᠤᠪᠠᠭᠤᠷᠢ ᠵᠦᠳᠡᠬᠦᠷᠢ ᠪᠠᠨ ᠬᠠᠮᠲᠤᠳᠬᠠᠬᠤ ᠲᠤᠮᠲᠠ ᠦᠨᠡᠨ ᠰᠡᠳᠬᠢᠯ ᠢᠯᠡᠷᠡᠨ᠎ᠡ᠂ ᠡᠨᠡ ᠬᠦ ᠤᠨᠴᠠᠭᠠᠢ ᠴᠠᠭ ᠦᠶ᠎ᠡ ᠳᠤ ᠪᠢᠳᠠ ᠠᠷᠭᠧᠨ᠋ᠲ᠋ᠢᠨ ᠲᠤᠮᠳᠠᠳᠤ ᠶᠢᠨ ᠬᠦᠨ ᠵᠤᠵᠠᠭᠠᠨ ᠨᠦᠬᠦᠷᠯᠡᠯ ᠢ ᠬᠦᠨᠵᠡᠭᠡᠢ ᠮᠠᠳᠡᠷᠠᠪᠠ᠃ ᠪᠢᠳᠠ ᠶᠠᠭ ᠰᠠᠶᠢᠬᠠᠨ ᠬᠤᠶᠠᠷ ᠤᠯᠤᠰ ᠤᠨ ᠬᠠᠷᠢᠯᠴᠠᠭ᠎ᠠ ᠶᠢᠨ ᠭᠡᠷᠡᠯ ᠰᠠᠴᠤᠷᠠᠩᠭᠤᠢ ᠴᠠᠭ ᠦᠶ᠎ᠡ ᠶᠢ ᠨᠡᠭᠡᠭᠡᠵᠤ ᠪᠠᠶᠢᠨ᠎ᠡ᠂ ᠠᠷᠭᠧᠨ᠋ᠲ᠋ᠢᠨ ᠲᠤᠮᠳᠠᠳᠤ ᠶᠢᠨ ᠪᠦᠬᠦ ᠲᠠᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠵᠢᠴᠢ ᠤᠯᠠᠨ ᠲᠠᠯᠠᠳᠤ ᠬᠠᠮᠳᠤᠷᠠᠯᠴᠠᠭ᠎ᠠ ᠤᠯᠠᠮ ᠴᠢᠨᠠᠬᠰᠢ ᠬᠦᠨᠵᠡᠭᠡᠶᠢᠷᠠᠨ᠎ᠡ ᠭᠡᠳᠡᠭ ᠢ ᠪᠢ ᠪᠠᠳᠤ ᠢᠳᠡᠭᠡᠵᠤ ᠪᠠᠶᠢᠨ᠎ᠡ ᠭᠡᠵᠤ ᠢᠯᠡᠳᠭᠡᠪᠡ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号