ᠲᠤᠮᠳᠠᠳᠤ ᠤᠯᠤᠰ — ᠠᠷᠠᠪ ᠤᠨ ᠤᠯᠤᠰ ᠤᠳ ᠤᠨ ᠬᠠᠮᠳᠤᠷᠠᠯᠴᠠᠭᠠᠨ ᠤ ᠶᠠᠷᠢᠶᠠᠨ ᠤ ᠲᠠᠪᠴᠠᠩ ᠤᠨ | ᠶᠢᠰᠦᠳᠦᠬᠡᠷ ᠬᠤᠭᠤᠴᠠᠭ᠎ᠠ ᠶᠢᠨ ᠰᠠᠶᠢᠳ ᠤᠨ ᠲᠡᠰ ᠤᠨ ᠬᠤᠷᠡᠯ 7 ᠰᠠᠷ᠎ᠠ ᠶᠢᠨ 6 ᠤ ᠡᠳᠤᠷ ᠸᠢᠳᠢᠣ᠋ ᠬᠡᠯᠪᠡᠷᠢ ᠪᠠᠷ | ᠬᠤᠷᠡᠯᠳᠤᠪᠠ᠃ ᠤᠯᠤᠰ ᠤᠨ ᠲᠡᠷᠢᠬᠦᠯᠡᠭᠴᠢ ᠰᠢ ᠶᠢᠨ ᠫᠢᠩ ᠬᠤᠷᠡᠯ ᠳᠤ ᠪᠠᠶᠠᠷ ᠤᠨ ᠵᠠᠬᠢᠳᠠᠯ ᠢᠯᠡᠬᠡᠵᠡᠢ᠃ | ᠰᠢ ᠶᠢᠨ ᠫᠢᠩ᠂ 2018 ᠤᠨ ᠳᠤ ᠪᠢ ᠲᠤᠮᠳᠠᠳᠤ ᠠᠷᠠᠪ ᠤᠨ ᠬᠠᠮᠳᠤᠷᠠᠯᠴᠠᠭᠠᠨ ᠤ ᠶᠠᠷᠢᠶᠠᠨ ᠤ ᠲᠠᠪᠴᠠᠩ ᠤᠨ | ᠨᠠᠢᠮᠠᠳᠤᠭᠠᠷ ᠬᠤᠭᠤᠴᠠᠭ᠎ᠠ ᠶᠢᠨ ᠰᠠᠶᠢᠳ ᠤᠨ ᠲᠡᠰ ᠤᠨ ᠬᠤᠷᠡᠯ ᠤᠨ ᠡᠬᠢᠯᠡᠯᠳᠡ ᠶᠢᠨ ᠶᠤᠰᠤᠯᠠᠯ ᠲᠡᠬᠡᠷ᠎ᠡ ᠲᠤᠮᠳᠠᠳᠤ | ᠠᠷᠠᠪ ᠬᠤᠶᠠᠷ ᠲᠠᠯ᠎ᠠ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠪᠠᠶᠢᠭᠤᠯᠬᠤ ᠪᠠᠷ ᠨᠡᠶᠢᠳᠡᠯᠡᠵᠥ᠂ | ᠲᠤᠮᠳᠠᠳᠤ ᠠᠷᠠᠪ ᠤᠨ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠤᠨ ᠬᠦᠮᠥᠨ ᠲᠦᠷᠦᠯᠬᠢᠳᠡᠨ ᠤ ᠬᠤᠪᠢ | ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠶᠢ ᠬᠠᠮᠳᠤ ᠪᠠᠷ ᠠᠬᠢᠭᠤᠯᠬᠤ ᠪᠠᠷ ᠰᠠᠨᠠᠭᠠᠴᠢᠯᠠᠵᠥ᠂ ᠠᠷᠠᠪ ᠤᠨ | ᠤᠯᠤᠰ ᠤᠳ ᠤᠨ ᠬᠠᠯᠠᠭᠤᠨ ᠴᠤᠤᠷᠢᠶᠠᠳᠤᠯ ᠢ ᠤᠯᠤᠬᠰᠠᠠ ᠶᠤᠮ᠃ ᠬᠤᠶᠠᠷ ᠵᠢᠯ ᠤᠨ ᠲᠤᠷᠰᠢ᠂ ᠲᠤᠮᠳᠠᠳᠤ ᠠᠷᠠᠪ | ᠬᠤᠶᠠᠷ ᠲᠠᠯ᠎ᠠ ᠶᠢᠨ ᠬᠢᠨ ᠪᠠᠶᠢᠯᠳᠤᠬᠤ ᠪᠤᠳᠤᠯᠭ᠎ᠠ ᠶᠢᠨ ᠵᠤᠬᠢᠴᠠᠭᠤᠯᠭ᠎ᠠ ᠪᠤᠯᠤᠨ ᠠᠵᠢᠯᠯᠠᠭ᠎ᠠ ᠶᠢᠨ ᠵᠤᠯᠭᠠᠯᠴᠠᠭ᠎ᠠ ᠪᠠᠨ | ᠴᠢᠩᠭᠠᠳᠬᠠᠵᠥ᠂ ᠪᠦᠬᠦ ᠲᠡᠯ᠎ᠡ ᠪᠠᠷ ᠬᠠᠮᠳᠤᠷᠠᠯᠴᠠᠭᠰᠠᠠ᠂ ᠬᠠᠮᠳᠤ ᠪᠠᠷ ᠬᠦᠭᠵᠢᠭᠰᠡᠡ᠂ ᠢᠷᠡᠬᠡᠳᠤᠢ ᠳᠤ ᠬᠠᠨᠳᠤᠭᠰᠠᠠ | ᠲᠤᠮᠳᠠᠳᠤ ᠠᠷᠠᠪ ᠤᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢ ᠬᠦᠨᠵᠡᠬᠡᠶᠢᠷᠡᠬᠦᠯᠥᠭᠰᠡᠡ ᠪᠠᠶᠢᠨ᠎ᠠ | ᠬᠡᠵᠥ ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠬᠦᠰᠦᠭᠰᠡᠡ ᠠᠴᠠ | ᠨᠠᠭᠠᠰᠢ᠂ ᠲᠤᠮᠳᠠᠳᠤ ᠤᠯᠤᠰ ᠪᠤᠯᠤᠨ ᠠᠷᠠᠪ ᠤᠨ ᠤᠯᠤᠰ ᠤᠳ ᠬᠠᠳᠠᠭᠤ ᠪᠡᠷᠬᠡᠰᠢᠶᠡᠯ ᠢ ᠬᠠᠮᠳᠤ ᠪᠠᠷ ᠲᠤᠭᠤᠯᠤᠨ᠂ | ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠥ᠂ ᠬᠠᠷᠢᠯᠴᠠᠨ ᠡᠷᠡᠰ ᠲᠡᠮᠵᠢᠯᠴᠡᠨ᠂ ᠨᠢᠬᠳᠠ ᠬᠠᠮᠳᠤᠷᠠᠯᠴᠠᠭ᠎ᠠ | ᠦᠷᠨᠢᠬᠦᠯᠪᠡ᠂ ᠡᠨᠡ ᠪᠤᠯ ᠲᠤᠮᠳᠠᠳᠤ ᠠᠷᠠᠪ ᠤᠨ ᠬᠤᠪᠢ ᠵᠠᠶᠠᠭ᠎ᠠ ᠪᠠᠨ ᠬᠠᠮᠳᠤᠳᠬᠠᠭᠰᠠᠠ ᠤ ᠠᠮᠢᠳᠤᠯᠢᠭ ᠵᠢᠷᠤᠭᠯᠠᠯ | ᠪᠤᠯᠤᠨ᠎ᠠ᠃ ᠤᠳᠤᠬᠠᠨ ᠤ ᠪᠠᠶᠢᠳᠠᠯ ᠲᠤᠤᠷ᠎ᠠ᠂ ᠲᠤᠮᠳᠠᠳᠤ ᠠᠷᠠᠪ ᠬᠤᠶᠠᠷ ᠲᠠᠯ᠎ᠠ ᠶᠢᠨ ᠬᠢᠨ ᠦᠩᠬᠡᠷᠡᠭᠰᠡᠡ ᠤ ᠠᠯᠢ | ᠴᠦ ᠦᠶ᠎ᠡ ᠠᠴᠠ ᠢᠯᠡᠬᠦᠤ ᠬᠠᠮᠳᠤᠷᠠᠯᠴᠠᠭ᠎ᠠ ᠪᠠᠨ ᠴᠢᠩᠭᠠᠳᠬᠠᠨ᠂ ᠴᠠᠭ ᠤᠨ ᠪᠡᠷᠬᠡ ᠶᠢ ᠬᠠᠮᠳᠤ ᠪᠠᠷ ᠢᠯᠠᠨ ᠲᠠᠪᠠᠵᠥ᠂ | ᠭᠠᠷ ᠬᠤᠯᠪᠤᠨ ᠤᠷᠤᠭᠰᠢᠯᠠᠬᠤ ᠴᠢᠬᠤᠯᠠᠳᠠᠢ ᠪᠠᠶᠢᠨ᠎ᠠ᠃ ᠬᠤᠶᠠᠷ ᠲᠠᠯ᠎ᠠ ᠪᠠᠷ ᠢᠶᠠᠨ ᠡᠨᠡ ᠤᠳᠠᠭ᠎ᠠ ᠶᠢᠨ ᠬᠤᠷᠡᠯ ᠢᠶᠠᠷ | ᠠᠵᠠ ᠲᠤᠬᠢᠶᠠᠯ ᠪᠤᠯᠭᠠᠵᠤ᠂ ᠪᠠᠶᠢᠯᠳᠤᠬᠤ ᠪᠤᠳᠤᠯᠭ᠎ᠠ ᠶᠢᠨ ᠨᠡᠪᠳᠡᠷᠡᠯᠴᠡᠭᠡ ᠵᠤᠬᠢᠴᠠᠭᠤᠯᠭ᠎ᠠ ᠪᠠᠨ ᠴᠢᠩᠭᠠᠳᠬᠠᠨ᠂ | ᠬᠢᠵᠢᠭ ᠲᠠᠢ ᠲᠡᠮᠡᠴᠡᠬᠦ ᠵᠡᠷᠬᠡ ᠬᠦᠷᠢᠶ᠎ᠠ ᠴᠠᠷᠠᠭᠠᠨ ᠤ ᠬᠠᠮᠳᠤᠷᠠᠯᠴᠠᠭ᠎ᠠ ᠪᠠᠨ ᠲᠤᠭᠳᠠᠭᠤᠨ ᠢᠶᠠᠷ ᠠᠬᠢᠭᠤᠯᠵᠥ᠂ | ᠲᠤᠮᠳᠠᠳᠤ ᠠᠷᠠᠪ ᠤᠨ ᠬᠤᠪᠢ ᠵᠠᠶᠠᠭᠠᠨ ᠤ ᠬᠠᠮᠳᠤ ᠶᠢᠨ ᠴᠤᠭᠴᠠ ᠶᠢᠨ ᠪᠠᠶᠢᠭᠤᠯᠤᠯᠳᠠ ᠲᠠᠰᠤᠷᠠᠯᠳᠡ ᠦᠬᠡᠢ | ᠬᠦᠨᠵᠡᠬᠡᠶᠢᠷᠡᠨ ᠪᠤᠳᠠᠳᠠᠶᠢᠵᠢᠬᠤ ᠶᠢ ᠠᠬᠢᠭᠤᠯᠵᠥ᠂ ᠲᠤᠮᠳᠠᠳᠤ ᠠᠷᠠᠪ ᠬᠤᠶᠠᠷ ᠲᠡᠯ᠎ᠡ ᠶᠢᠨ ᠠᠷᠠᠳ ᠲᠦᠮᠡᠨ ᠳᠤ ᠨᠡᠩ | ᠰᠠᠶᠢᠨ ᠪᠤᠶᠠᠨ ᠦᠢᠯᠡᠳᠬᠦ ᠶᠢ ᠬᠦᠰᠡᠵᠥ ᠪᠠᠶᠢᠨ᠎ᠠ ᠬᠡᠵᠥ ᠵᠢᠭᠠᠵᠥ ᠭᠠᠷᠭᠠᠪᠠ᠃ |