ᠦᠤᠰᠢᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-07-09
     7 ᠰᠠᠷ᠎ᠠ ᠶᠢᠨ 3 ᠤ ᠡᠳᠦᠷ᠂ ᠦᠤᠰᠢᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ ᠬᠤᠷᠠᠯ ᠡᠷᠬᠢᠯᠡᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠤ᠋ ᠰᠢᠨ ᠹᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠯᠢ ᠰᠢᠤ ᠹᠧᠩ᠂ ᠸᠠᠩ ᠶᠦᠩ ᠴᠢᠩ᠂ ᠸᠠᠩ ᠵᠢᠷᠭᠠᠯ᠂ ᠾᠧ ᠤᠯᠠᠭᠠᠨ ᠬᠤᠷᠠᠯ ᠳᠤ ᠣᠷᠣᠯᠴᠠᠵᠠᠶ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠲᠦᠷ ᠳᠣᠰᠢᠶᠠᠯ ᠡᠬᠦᠷᠬᠡᠯᠡᠬᠦ ᠬᠤᠰᠢᠭᠤ ᠳᠡᠳ᠋ ᠳᠠᠷᠤᠭ᠎ᠠ ᠪᠠᠷ ᠨᠠᠷ᠎ᠠ ᠳᠣᠷᠠᠳᠣᠭᠳᠠᠭᠰᠠᠨ ᠠᠭᠤᠯᠠ᠂ ᠬᠤᠰᠢᠭᠤ ᠳᠡᠳ᠋ ᠳᠠᠷᠤᠭ᠎ᠠ ᠪᠠᠶᠠᠨᠴᠡᠩᠭᠡᠯ᠂ ᠬᠤᠰᠢᠭᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠰᠦᠨ ᠰᠢᠶᠤᠤ ᠴᠢᠶᠠᠩ᠂ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠳᠠᠷᠤᠭ᠎ᠠ ᠽᠦᠸᠧ ᠴᠧᠨ ᠭᠤᠸᠠᠩ ᠪᠤᠯᠤᠨ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠪᠠᠶᠢᠭᠤᠯᠭ᠎ᠠ ᠳᠤ ᠲᠤᠮᠢᠯᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠪᠣᠯᠤᠨ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠥᠪᠯᠡᠯ ᠠᠯᠪᠠᠨ ᠬᠡᠷ ᠤᠨ ᠳᠡᠳ᠋ ᠡᠷᠬᠢᠯᠡᠭᠴᠢ ᠬᠤᠷᠠᠯ ᠳᠤ ᠰᠤᠯᠠ ᠣᠷᠣᠯᠴᠠᠪᠠ᠃
     ᠬᠤᠷᠠᠯ ᠠᠴᠠ ︽ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠭᠤᠯᠠ ᠵᠡᠷᠭᠡ ᠨᠥᠬᠦᠳ ᠢ ᠲᠤᠰᠢᠶᠠᠯ ᠳᠤ ᠳᠣᠮᠢᠯᠠᠬᠤ ᠲᠤᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠥᠪᠯᠡᠯᠭᠡ︾᠂ ︽ᠬᠠᠰᠳᠠᠯᠠᠢ ᠨᠥᠬᠦᠷ ᠢ ᠲᠤᠰᠢᠶᠠᠯ ᠳᠤ ᠲᠣᠮᠢᠯᠠᠭᠤᠯᠬᠤ ᠪᠠᠷ ᠳᠣᠷᠠᠳᠣᠨ ᠳᠠᠪᠰᠢᠬᠦᠯᠬᠦ ᠲᠤᠬᠠᠢ ᠦᠦᠰᠢᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠵᠥᠪᠯᠡᠯᠭᠡ︾ ︽ᠤᠳᠤᠩᠭᠤᠸ᠎ᠠ ᠵᠡᠷᠭᠡ ᠨᠥᠬᠦᠳ ᠢ ᠲᠤᠰᠢᠶᠠᠯ ᠳᠤ ᠳᠣᠮᠢᠯᠠᠬᠤ ᠲᠤᠬᠠᠢ ᠦᠦᠰᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠥᠪᠯᠡᠯᠭᠡ︾ ᠶᠢ ᠬᠢᠨᠠᠨ ᠵᠥᠪᠯᠡᠵᠦ ᠪᠠᠲᠤᠯᠠᠪᠠ᠃ ᠠᠭᠤᠯᠠ ᠶᠢ ᠬᠤᠰᠢᠭᠤ ᠵᠠᠰᠠᠭ ᠤᠨ ᠤᠷᠳᠤᠨ ᠤ ᠲᠥᠷ ᠲᠤᠰᠢᠶᠠᠯ ᠡᠭᠦᠷᠭᠡᠯᠠᠭᠦ ᠬᠤᠰᠢᠭᠤ ᠲᠡᠳ᠋ ᠲᠠᠷᠤᠭ᠎ᠠ᠂ ᠬᠠᠰᠳᠠᠯᠠᠢ ᠶᠢ ᠬᠤᠰᠢᠭᠤ ᠠᠷᠠᠳ ᠤᠨ ᠰᠢᠭᠦᠬᠦ ᠬᠤᠷᠢᠶᠠᠨ ᠤ ᠶᠡᠷᠦᠩᠬᠡᠶᠢᠯᠡᠭᠰᠡᠨ ᠰᠢᠭᠦᠨ ᠲᠠᠰᠤᠯᠬᠤ ᠲᠢᠩᠭᠢᠮ ᠤᠨ ᠳᠡᠳ᠋ ᠳᠠᠷᠤᠭ᠎ᠠ᠂ ᠤᠳᠤᠩᠭᠤᠸ᠎ᠠ ᠶᠢ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠦᠨᠳᠦᠰᠦᠲᠡᠨ ᠤ ᠬᠠᠤᠯᠢ ᠳᠦᠷᠢᠮ ᠤᠨ ᠠᠵᠢᠯ ᠤᠨ ᠵᠥᠪᠯᠡᠯ ᠤᠨ ᠡᠷᠭᠢᠯᠡᠭᠴᠢ ︵ᠲᠤᠷᠰᠢᠨ ᠬᠡᠷᠡᠭᠯᠡᠬᠦ ᠬᠤᠭᠤᠴᠠᠭ᠎ᠠ ᠨᠢᠭᠡ ᠵᠢᠯ︶᠂ ᠮᠠ ᠷᠦᠢ ᠰᠢᠶᠠ ᠶᠢ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠦᠨᠳᠦᠰᠦᠲᠡᠨ ᠤ ᠬᠠᠤᠯᠢ ᠳᠦᠷᠢᠮ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠪᠠᠷ ᠲᠣᠮᠢᠯᠠᠵᠤ᠂ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠪᠠ᠃ ᠠᠭᠤᠯᠠ᠂ ᠬᠠᠰᠳᠠᠯᠠᠢ᠂ ᠤᠳᠤᠩᠭᠤᠸ᠎ᠠ᠂ ᠮᠠ ᠷᠦᠢ ᠰᠢᠶᠠ ᠵᠡᠷᠭᠡ 4 ᠨᠥᠬᠦᠳ ᠲᠤᠰᠢᠶᠠᠯ ᠡᠭᠦᠷᠭᠡᠯᠡᠭᠦ ᠮᠡᠳᠡᠭᠦᠯᠦᠯᠲᠡ ᠬᠢᠭᠰᠡᠨ ᠤ ᠳᠠᠷᠠᠭ᠎ᠠ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠡᠯ ᠢ ᠶᠠᠪᠣᠭᠳᠠᠭᠤᠯᠣᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号