7 ᠰᠠᠷ᠎ᠠ ᠶᠢᠨ 6 ᠤ ᠡᠳᠦᠷ᠂ ᠮᠠᠨ ᠤ ᠬᠤᠰᠢᠭᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠨᠠᠶᠢᠷᠠᠭᠤᠯᠤᠨ ᠲᠤᠭᠳᠠᠭᠠᠬᠤ ᠰᠠᠭᠤᠳᠠᠯ ᠤᠨ ᠬᠤᠷᠠᠯ ᠬᠤᠷᠠᠯᠳᠤᠭᠤᠯᠤᠭᠰᠠᠨ ᠪᠠᠶᠢᠨ᠎ᠠ᠃ | ᠮᠠᠨ ᠤ ᠬᠤᠰᠢᠭᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢ | ᠰᠢᠨᠵᠢᠯᠡᠬᠦ ᠤᠬᠠᠭᠠᠨᠴᠢ ᠪᠠᠷ ᠰᠠᠶᠢᠲᠤᠷ ᠨᠠᠶᠢᠷᠠᠭᠤᠯᠤᠨ ᠲᠤᠭᠳᠠᠭᠠᠬᠤ ᠶᠢᠨ ᠳᠣᠰᠠᠳᠠ ᠤᠨᠴᠠᠭᠠᠶᠢᠯᠠᠨ ᠥᠪᠥᠷ | ᠮᠣᠩᠭᠤᠯ ᠤᠨ ᠠᠵᠤ ᠠᠬᠤᠶ ᠶᠢᠨ ᠨᠡᠶᠢᠭᠡᠮᠯᠢᠭ ᠤᠨ ᠳᠠᠷᠤᠭ᠎ᠠ ᠡᠬᠢ ᠪᠠᠶᠠᠯᠢᠭ ᠪᠠ ᠣᠷᠴᠢᠨ ᠠᠬᠤᠶ ᠶᠢᠨ ᠠᠵᠤ | ᠠᠬᠤᠶ ᠶᠢᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠳ᠋ᠣᠺᠲ᠋ᠣᠷ ᠸᠠᠩ ᠱᠢ ᠸᠧᠨ ᠢ ᠤᠷᠢᠵᠤ 4 ᠡᠳᠦᠷ ᠤᠨ | ᠬᠤᠭᠤᠴᠠᠭ᠎ᠠ ᠲᠠᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠳᠠᠭᠠᠬᠤ | ᠪᠠᠶᠢᠴᠠᠭᠠᠨ ᠰᠤᠳᠤᠯᠤᠯᠲᠠ ᠭᠢᠯᠭᠡᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ | ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠠᠭᠤᠯᠠ᠂ ᠬᠤᠰᠢᠭᠤ ᠤᠳᠤᠷᠢᠳᠤᠯᠭ᠎ᠠ ᠯᠢ ᠰᠢᠤ ᠹᠧᠩ᠂ ᠸᠠᠩ | ᠶᠦᠩ ᠴᠢᠩ᠂ ᠵᠧᠤ ᠱᠤᠸᠠᠢ᠂ ᠪᠠᠶᠠᠨᠴᠡᠩᠭᠡᠯ ᠪᠤᠯᠤᠨ ᠰᠤᠪᠤᠷᠭ᠎ᠠ ᠠᠵᠤ ᠠᠬᠤᠶ ᠨᠡᠭᠡᠭᠡᠯᠲᠡ ᠶᠢᠨ ᠲᠤᠭᠤᠷᠢᠭ᠂ | ᠨᠠᠷᠢᠠᠭᠤᠤᠯ ᠠᠵᠤ ᠥᠢᠯᠡᠳᠪᠤᠷᠢ ᠶᠢᠨ ᠬᠦᠷᠢᠶᠡᠯᠡᠩ ᠵᠢᠴᠢ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠳᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ | ᠨᠢᠭᠡᠴᠢ᠂ ᠡᠯ᠎ᠡ ᠰᠤᠮᠤ ᠪᠠᠯᠭᠠᠰᠤᠨ ᠤ ᠭᠤᠤᠯ ᠬᠠᠷᠢᠭᠤᠴᠠᠯᠭᠠᠳᠠᠨ ᠬᠤᠷᠠᠯ ᠳᠤ ᠣᠷᠣᠯᠴᠠᠵᠠᠶ᠃ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ ᠬᠤᠷᠠᠯ ᠡᠷᠭᠢᠯᠡᠪᠡ᠃ | | | | | | | ᠬᠤᠷᠠᠯ ᠳᠡᠭᠡᠷ᠎ᠡ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠢᠨ ᠡᠯ᠎ᠡ ᠪᠦᠷᠢᠯᠳᠦᠬᠦᠨ ᠰᠠᠯᠠᠭ᠎ᠠ ᠮᠥᠴᠢᠷ | ᠪᠣᠯᠤᠨ ᠰᠤᠮᠤ ᠪᠠᠯᠭᠠᠰᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ | ᠲᠤᠭᠳᠠᠭᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠥᠯᠳᠠ ᠶᠢ ᠰᠣᠨᠣᠰᠴᠤ ᠬᠤᠷᠠᠯ ᠳᠤ ᠣᠷᠣᠯᠴᠠᠭᠰᠠᠳ | ᠠᠵᠤ ᠥᠢᠯᠠᠰ ᠤᠨ ᠬᠥᠭᠵᠢᠯᠲᠡ ᠶᠢᠨ ᠴᠢᠭᠯᠡᠯ᠂ ᠲᠥᠷᠤᠯ ᠵᠥᠢᠯ ᠤᠨ ᠲᠥᠯᠥᠪᠵᠢᠭᠦᠯᠭᠡ᠂ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠪᠠᠷ ᠶᠠᠷᠢᠯᠴᠠᠨ ᠰᠠᠨᠠᠯ ᠪᠣᠳᠣᠯ ᠢᠶᠠᠨ ᠰᠣᠯᠢᠯᠴᠠᠭᠰᠠᠨ ᠪᠠᠶᠢᠨ᠎ᠠ᠃ | ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠢᠨ ᠣᠳᠣᠬᠠᠨ ᠤ ᠬᠥᠭᠵᠢᠯᠲᠡ ᠶᠢᠨ ᠣᠷᠴᠢᠨ ᠲᠣᠭᠤᠷᠢᠨ᠂ | ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠳᠤ ᠵᠠᠳᠠᠯᠤᠯᠲᠠ ᠬᠢᠵᠦ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ | ᠤᠶᠠᠯᠳᠤᠭᠤᠯᠤᠨ ᠲᠥᠯᠥᠪᠵᠢᠭᠦᠯᠭᠡ ᠶᠢ ᠬᠡᠷᠬᠢᠨ ᠰᠢᠨᠵᠢᠯᠡᠬᠦ ᠤᠬᠠᠭᠠᠨᠴᠢ᠂ ᠵᠦᠶ ᠵᠤᠭᠢᠰᠳᠠᠢ ᠨᠠᠶᠢᠷᠠᠭᠤᠯᠤᠨ | ᠲᠤᠭᠳᠠᠭᠠᠬᠤ ᠲᠤᠬᠠᠶ ᠰᠤᠳᠤᠯᠤᠨ ᠶᠠᠷᠢᠯᠴᠠᠵᠤ ᠰᠠᠨᠠᠯ ᠰᠠᠨᠠᠭᠤᠯᠭ᠎ᠠ ᠳᠤᠷᠠᠳᠪᠠ᠃ | ᠡᠷᠳᠡᠨᠢᠪᠢᠯᠢᠭ ᠴᠢᠬᠤᠯᠠᠴᠢᠯᠠᠭᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠪᠣᠯ ᠮᠠᠨ ᠤ | ᠬᠤᠰᠢᠭᠤᠨ ᠤ ︽ᠴᠢᠨᠠᠷ ᠰᠠᠶᠢᠲᠠᠶ ᠬᠥᠭᠵᠢᠯᠲᠡ ᠶᠢ ᠠᠭᠢᠭᠤᠯᠬᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ | ᠪᠡᠶᠡᠯᠡᠭᠦᠯᠬᠦ︾ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠴᠠᠭ ᠦᠶ᠎ᠡ ᠪᠣᠯᠤᠨ᠎ᠠ᠂ ᠲᠥᠯᠥᠪᠵᠢᠭᠦᠯᠭᠡ ᠶᠢ | ᠨᠠᠶᠢᠷᠠᠭᠤᠯᠤᠨ ᠲᠤᠭᠳᠠᠭᠠᠬᠤ ᠨᠢ ᠴᠢᠬᠤᠯᠠ ᠠᠴᠢ ᠬᠤᠯᠪᠣᠭᠳᠠᠯ ᠲᠠᠢ᠂ ᠠᠯᠤᠰ ᠬᠡᠲᠦ ᠶᠢᠨ ᠨᠥᠯᠥᠭᠡ ᠲᠠᠢ ᠶᠤᠮ᠃ | ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠢᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠳᠠᠭᠠᠬᠤ ᠶᠠᠪᠤᠴᠠ ᠳᠤ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠠᠵᠤ | ᠠᠬᠤᠶ ᠶᠢᠨ ᠦᠵᠡᠯ ᠰᠠᠨᠠᠭ᠎ᠠ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ | ᠲᠤᠬᠠᠶ ᠴᠢᠬᠤᠯᠠ ᠵᠢᠭᠠᠪᠤᠷᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠨ ᠨᠠᠶᠢᠷᠠᠭᠤᠯᠤᠨ ᠲᠤᠭᠳᠠᠭᠠᠬᠤ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠭᠢᠵᠤ ᠮᠠᠨ ᠤ ᠬᠤᠰᠢᠭᠤᠨ ᠤ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠤ ᠠᠵᠢᠯ ᠤᠨ ᠲᠤᠷᠰᠢᠯᠭ᠎ᠠ ᠶᠢ ᠳ᠋ᠥᠩᠨᠡᠨ ᠣᠯᠤᠭᠰᠠᠨ ᠦᠷ᠎ᠡ ᠪᠦᠲᠦᠮᠵᠢ ᠶᠢ ᠵᠠᠳᠠᠯᠵᠤ ᠦᠤᠰᠢᠨ ᠤ | ᠪᠣᠳᠠᠲᠤ ᠪᠠᠶᠢᠳᠠᠯ ᠪᠣᠯᠤᠨ ᠣᠳᠣᠬᠠᠨ ᠤ ᠪᠠᠶᠢᠳᠠᠯ ᠳᠤ ᠰᠠᠭᠤᠷᠢᠯᠠᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢ ᠨᠠᠶᠢᠷᠠᠭᠤᠯᠤᠨ ᠳᠣᠭᠳᠠᠭᠠᠬᠤ ᠳᠤ ᠰᠠᠭᠤᠷᠢ ᠲᠠᠯᠪᠢᠬᠤ ᠶᠢ ᠭᠥᠰᠡᠵᠤ ᠪᠠᠶᠢᠨ᠎ᠠ ᠭᠡᠵᠡᠢ᠃ | | | | | | | ᠡᠷᠳᠡᠨᠢᠪᠢᠯᠢᠭ ᠴᠢᠬᠤᠯᠠᠴᠢᠯᠠᠭᠰᠠᠨ ᠨᠢ᠂ ᠪᠣᠬᠢᠷᠲᠤᠯ ᠦᠭᠡᠢ ᠬᠥᠭᠵᠢᠯᠲᠡ ᠪᠠ ᠠᠮᠢ ᠠᠬᠤᠢ ᠶᠢᠨ ᠪᠣᠯᠪᠠᠰᠤᠨ ᠤ | ᠦᠵᠡᠯ ᠰᠠᠨᠠᠭ᠎ᠠ ᠪᠠᠷ ᠭᠤᠣᠯ ᠪᠤᠯᠭᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ | ᠲᠤᠭᠳᠠᠭᠠᠬᠤ ᠳᠤ ᠰᠡᠳᠬᠢᠴᠡ ᠪᠠ ᠴᠢᠭᠯᠡᠯ ᠢ ᠳᠤᠷᠠᠳᠬᠤ ᠬᠡᠷᠡᠭᠲᠡᠢ᠃ ᠲᠥᠷᠥᠯ ᠵᠦᠢᠯ ᠢ ᠨᠠᠷᠢᠨ ᠨᠢᠮᠪᠠᠶ | ᠲᠥᠯᠥᠪᠯᠡᠵᠦ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠴᠢᠬᠤᠯᠠ ᠶᠡᠭᠡ ᠲᠥᠷᠥᠯ ᠵᠥᠢᠯ ᠢ | ᠲᠥᠰᠦᠪᠯᠡᠬᠦ ᠠᠵᠢᠯ ᠢ ᠭᠤᠤᠯᠳᠠᠯᠭ᠎ᠠ ᠪᠤᠯᠭᠠᠨ ᠲᠥᠷᠥᠯ ᠵᠦᠢᠯ ᠢᠶᠠᠷ ᠲᠦᠰᠢᠭ ᠪᠣᠯᠭᠠᠵᠤ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠪᠠᠷ ᠱᠠᠭᠠᠷᠳᠠᠯᠭ᠎ᠠ ᠪᠣᠯᠭᠠᠬᠤ ᠶᠢ ᠪᠠᠷᠢᠮᠲᠠᠯᠠᠨ ᠪᠥᠬᠦ ᠬᠤᠰᠢᠭᠤᠨ ᠤ ᠰᠠᠭᠤᠷᠢ | ᠲᠥᠬᠦᠭᠡᠷᠦᠮᠵᠢ᠂ ᠣᠲᠣ ᠦᠶ᠎ᠡ ᠶᠢᠨ ᠡᠨᠧᠷᠭᠢ ᠶᠢᠨ ᠠᠵᠤ ᠥᠢᠯᠡᠰ᠂ ᠣᠲᠣ ᠦᠶ᠎ᠡᠶᠢᠨ ᠮᠠᠯ ᠲᠠᠷᠢᠶᠠᠯᠠᠩ ᠠᠵᠤ | ᠠᠬᠤᠶ᠂ ᠡᠳ᠋ ᠪᠠᠷᠠᠭᠠᠨ ᠤ ᠭᠥᠢᠯᠭᠡᠭᠡ᠂ ᠬᠠᠲᠤᠨ ᠭᠤᠤᠯ ᠤᠨ ᠰᠠᠪᠠ ᠭᠠᠵᠠᠷ ᠤᠨ ᠬᠠᠮᠠᠭᠠᠯᠠᠯᠳᠠ᠂ ᠬᠤᠪᠢᠰᠬᠠᠯ ᠤᠨ | ᠡᠬᠢ ᠪᠠᠶᠠᠯᠢᠭ ᠤᠨ ᠨᠡᠭᠡᠭᠡᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ | ᠨᠡᠶᠢᠭᠡᠮ ᠤᠨ ᠥᠢᠯᠡᠰ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ ᠲᠥᠷᠥᠶᠢᠨ | ᠪᠣᠳᠣᠯᠭ᠎ᠠ ᠪᠠ ᠮᠠᠨ ᠤ ᠬᠤᠰᠢᠭᠤᠨ ᠤ ᠪᠣᠳᠠᠲᠤ ᠪᠠᠶᠢᠳᠠᠯ ᠳᠤ ᠨᠠᠶᠢᠴᠡᠭᠰᠠᠨ ᠮᠠᠨ ᠤ ᠬᠤᠰᠢᠭᠤᠨ ᠤ ᠪᠣᠬᠢᠷᠲᠤᠯ ᠦᠭᠡᠢ | ᠴᠢᠨᠠᠷ ᠰᠠᠶᠢᠲᠠᠶ ᠬᠥᠭᠵᠢᠯᠲᠡ ᠳᠤ ᠠᠰᠢᠭᠲᠠᠶ ᠨᠢᠭᠡ ᠪᠦᠯᠦᠭ ᠲᠣᠮᠣ ᠲᠥᠷᠥᠯ ᠵᠥᠢᠯ᠂ ᠰᠠᠶᠢᠨ ᠲᠥᠷᠥᠯ ᠵᠥᠢᠯ ᠢ | ᠲᠥᠰᠥᠪᠯᠡᠭᠦ ᠭᠡᠷᠡᠭᠳᠠᠢ᠃ ᠡᠭᠦᠨ ᠤ ᠬᠠᠮᠲᠤ ᠮᠠᠨ ᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠪᠠ ᠬᠥᠬᠡᠬᠤᠲᠠ ᠪᠤᠭᠤᠲᠤ ᠢᠷᠭᠠᠢ ᠲᠡᠮᠡᠭᠡᠲᠦ ᠬᠤᠲᠠ ᠶᠢᠨ ᠰᠦᠷᠦᠭᠵᠢᠯ᠂ ᠬᠥᠬᠡᠬᠤᠲᠠ ᠪᠤᠭᠤᠲᠤ | ᠣᠷᠳᠣᠰ ᠤᠨ ᠬᠠᠮᠵᠢᠯᠴᠠᠨ ᠬᠥᠭᠵᠢᠬᠦ ᠵᠡᠷᠭᠡ ᠳᠡᠭᠡᠳᠦ ᠱᠠᠲᠤᠨ ᠤ ᠲᠥᠯᠥᠪᠵᠢᠭᠦᠯᠭᠡ ᠶᠢᠨ ᠬᠤᠭᠤᠷᠣᠨᠳᠣᠬᠢ | ᠵᠣᠯᠭᠠᠭᠤᠯᠤᠨ ᠲᠥᠬᠦᠷᠵᠢᠭᠦᠯᠬᠦ ᠶᠢ ᠰᠠᠶᠢᠲᠤᠷ ᠬᠢᠵᠦ ᠲᠥᠯᠥᠪᠵᠢᠭᠦᠯᠭᠡ ᠶᠢᠨ ᠨᠠᠩ ᠰᠢᠨᠵᠢᠯᠡᠬᠦ ᠤᠬᠠᠭᠠᠨᠴᠢ ᠴᠢᠨᠠᠷ ᠢ | ᠪᠠᠲᠤᠯᠠᠬᠤ ᠬᠡᠷᠡᠭᠲᠡᠶ᠃ ᠥᠭᠡᠷᠡᠴᠢᠯᠡᠯᠲᠡ ᠶᠢᠨ ᠰᠡᠳᠬᠢᠬᠦᠢ ᠪᠠᠷ ᠲᠥᠯᠥᠪᠵᠢᠭᠦᠯᠭᠡ ᠶᠢ ᠶᠡᠷᠦᠩᠬᠡᠶᠢᠯᠡᠨ ᠵᠢᠯᠣᠭᠤᠳᠴᠤ | ᠲᠥᠯᠥᠪᠵᠢᠭᠦᠯᠭᠡ ᠨᠠᠶᠢᠷᠠᠭᠤᠯᠤᠨ ᠲᠤᠭᠳᠠᠭᠠᠬᠤ ᠡᠭᠦᠷᠭᠡ ᠪᠠᠨ ᠬᠤᠭᠤᠴᠠᠭ᠎ᠠ ᠶᠣᠰᠣᠭᠠᠷ ᠴᠢᠨᠠᠷ ᠰᠠᠶᠢᠲᠠᠶ | ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠡᠢ᠃ | ᠵᠣᠣ ᠹᠸᠢ ᠯᠦ ᠵᠢᠭᠠᠵᠤ ᠭᠠᠷᠭᠠᠭᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠤᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠠᠯᠠᠭᠦᠯᠭᠦ | ᠠᠴᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠲᠠᠰᠢ ᠤᠷᠤᠭᠰᠢᠯᠠᠬᠤ | ᠵᠠᠩᠭᠢᠯᠠᠭ᠎ᠠ ᠶᠢᠨ ᠴᠠᠭ ᠦᠶ᠎ᠡ ᠮᠥᠨ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ | ᠰᠠᠶᠢᠲᠤᠷ ᠨᠠᠶᠢᠷᠠᠭᠤᠯᠬᠤ ᠨᠢ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠪᠡᠶᠡᠯᠡᠭᠦᠯᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠤᠯᠤᠰ᠂ ᠥᠪᠡᠷᠲᠡᠭᠡᠨ ᠵᠠᠰᠠᠬᠤ ᠣᠷᠣᠨ᠂ | ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠳᠣᠭᠳᠠᠭᠠᠬᠤ | ᠰᠡᠳᠬᠢᠴᠡ ᠪᠣᠯᠤᠨ ᠱᠠᠭᠠᠷᠳᠠᠯᠭ᠎ᠠ ᠳᠤ ᠴᠢᠭᠯᠡᠭᠦᠯᠦᠨ ᠮᠠᠨ ᠤ ᠬᠤᠰᠢᠭᠤᠨ ᠤ ᠬᠠᠷᠠᠯᠳ᠋᠊ ᠶᠢᠨ ᠪᠠᠶᠢᠷᠢ ᠲᠣᠭᠲᠠᠭᠠᠯᠲᠠ ᠲᠠᠢ | ᠤᠶᠠᠯᠳᠤᠭᠤᠯᠵᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠦᠢᠴᠡᠳᠬᠡᠬᠦ ᠲᠤᠭ᠎ᠠ ᠪᠣᠯᠤᠨ ᠠᠷᠭ᠎ᠠ ᠬᠡᠮᠵᠢᠶ᠎ᠡ | ᠂ ᠴᠢᠬᠤᠯᠠ ᠶᠡᠭᠡ ᠲᠥᠷᠥᠯ ᠵᠦᠢᠯ ᠢ ᠭᠦᠨᠵᠡᠭᠡᠢ ᠰᠤᠳᠤᠯᠵᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠥᠲᠥᠯᠥᠨ | ᠲᠠᠭᠠᠭᠤᠯᠬᠤ ᠭᠡᠷᠡᠭᠳᠠᠢ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ᠂ ᠨᠢᠭᠡᠳᠦᠭᠡᠷ | ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠳᠤ ᠠᠩᠬᠠᠷᠤᠯ ᠢᠶᠠᠨ ᠲᠥᠪᠯᠡᠷᠡᠭᠦᠯᠵᠦ | ᠰᠢᠶᠠᠨ ᠤ ᠬᠡᠪᠴᠢᠶᠡᠨ ᠤ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ ᠬᠤᠶᠢᠰᠢᠳᠠ ᠶᠢᠨ ᠲᠠᠪᠤᠨ | ᠵᠢᠯ ᠤᠨ ᠮᠠᠨᠤ ᠬᠤᠰᠢᠭᠤᠨ ᠤ ᠬᠥᠭᠵᠢᠯᠲᠡ ᠶᠢᠨ ᠪᠣᠷᠣ ᠲᠥᠰᠦᠪ ᠢ ᠪᠦᠬᠦ ᠲᠠᠯ᠎ᠠ ᠪᠠᠷ ᠰᠢᠰᠲ᠋ᠧᠮ ᠲᠠᠢ ᠵᠢᠷᠤᠭᠯᠠᠬᠤ | ᠭᠡᠷᠡᠭᠳᠠᠢ ᠭᠡᠰᠡᠨ ᠪᠠᠶᠢᠨ᠎ᠠ᠃ |