ᠰᠢ ᠶᠢᠨ ᠫᠢᠩ ᠤᠷᠤᠰ ᠤᠨ ᠶᠡᠷᠤᠩᠬᠡᠶᠢᠯᠡᠭᠴᠢ ᠫᠦᠲ᠋ᠢᠨ ᠲᠠᠢ ᠤᠳᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2020-07-09
   ᠤᠯᠤᠰ ᠤᠨ ᠲᠡᠷᠢᠬᠦᠯᠡᠭᠴᠢ ᠰᠢ ᠶᠢᠨ ᠫᠢᠩ 7 ᠰᠠᠷ᠎ᠠ ᠶᠢᠨ 8 ᠤ ᠡᠳᠤᠷ ᠤᠷᠤᠰ ᠤᠨ ᠶᠡᠷᠤᠩᠬᠡᠶᠢᠯᠡᠭᠴᠢ ᠫᠦᠲ᠋ᠢᠨ ᠲᠠᠢ ᠤᠳᠠᠰᠤ ᠪᠠᠷ ᠶᠠᠷᠢᠯᠴᠠᠪᠠ᠃    ᠰᠢ ᠶᠢᠨ ᠫᠢᠩ᠂ 6 ᠰᠠᠷ᠎ᠠ ᠶᠢᠨ ᠬᠤᠷᠢᠳ ᠢᠶᠠᠷ ᠤᠷᠤᠰ ᠤᠨ ᠬᠢᠨ ᠤᠯᠤᠰ ᠢᠶᠠᠨ ᠬᠠᠮᠠᠭᠠᠯᠠᠬᠤ ᠲᠠᠶᠢᠨ ᠤ ᠢᠯᠠᠯᠳᠡ ᠤᠯᠤᠬᠰᠠᠠ 75 ᠵᠢᠯ ᠤᠨ ᠤᠢ ᠪᠠᠨ ᠲᠤᠷᠠᠰᠬᠠᠬᠤ ᠤᠯᠠᠭᠠᠨ ᠲᠡᠯᠡᠪᠡᠢ ᠳᠠᠬᠢ ᠴᠡᠷᠢᠭ ᠰᠢᠯᠭᠠᠨ ᠦᠵᠡᠬᠦ ᠶᠤᠰᠤᠯᠠᠯ ᠢ ᠠᠮᠵᠢᠯᠳᠡ ᠲᠠᠢ ᠡᠷᠬᠢᠯᠡᠵᠥ᠂ ᠪᠦᠬᠦ ᠲᠡᠯᠡᠬᠡᠢ ᠳᠤ ᠲᠡᠤᠬᠡ ᠪᠠᠨ ᠪᠡᠳᠤ ᠴᠡᠬᠡᠵᠢᠯᠡᠵᠥ ᠡᠩᠬᠡ ᠲᠠᠶᠢᠪᠤᠩ ᠢ ᠬᠠᠮᠠᠭᠠᠯᠠᠬᠤ ᠡᠷᠡᠰ ᠵᠤᠷᠢᠭ ᠢᠶᠠᠨ ᠦᠵᠡᠬᠦᠯᠵᠠᠢ᠃ ᠤᠷᠴᠢᠮᠬᠠᠨ ᠤᠷᠤᠰ ᠤᠨ ᠬᠢᠨ ᠪᠦᠬᠦ ᠠᠷᠠᠳ ᠤᠨ ᠪᠢᠯᠧᠲ ᠦᠭᠬᠦᠯᠳᠡ ᠶᠢ ᠤᠷᠤᠭᠰᠢᠳᠠᠢ ᠶᠠᠪᠤᠭᠤᠯᠵᠥ᠂ ᠤᠯᠠᠨ ᠲᠤᠭᠠᠨ ᠤ ᠪᠢᠯᠧᠲ ᠢᠶᠠᠷ ᠦᠨᠳᠦᠰᠦᠨ ᠬᠠᠤᠯᠢ ᠳᠤ ᠵᠠᠰᠠᠪᠤᠷᠢ ᠤᠷᠤᠭᠤᠯᠬᠤ ᠲᠦᠰᠦᠯ ᠢᠶᠠᠨ ᠪᠠᠳᠤᠯᠠᠪᠠ᠂ ᠡᠨᠡ ᠨᠢ ᠤᠷᠤᠰ ᠤᠨ ᠠᠷᠠᠳ ᠲᠦᠮᠡᠨ ᠤ ᠤᠷᠤᠰ ᠤᠨ ᠵᠠᠰᠠᠭ ᠤᠨ ᠤᠷᠳᠤᠨ ᠢ ᠲᠡᠮᠵᠢᠵᠥ ᠪᠠᠶᠢᠬᠤ ᠪᠡ ᠤᠷᠤᠰ ᠤᠨ ᠵᠠᠰᠠᠭ ᠤᠨ ᠤᠷᠳᠤᠨ ᠤ ᠲᠦᠷᠦ ᠶᠢ ᠵᠠᠰᠠᠵᠥ ᠵᠠᠰᠠᠭ ᠢ ᠡᠷᠬᠢᠯᠡᠬᠦ ᠤᠢᠢᠯᠠᠭᠠᠬᠳᠠᠬᠤᠨ ᠢ ᠮᠡᠳᠡᠷᠡᠵᠥ ᠪᠠᠶᠢᠬᠤ ᠶᠢ ᠬᠦᠢᠴᠡᠳ ᠬᠠᠷᠠᠭᠤᠯᠵᠤ ᠪᠠᠶᠢᠨ᠎ᠠ᠃ ᠲᠤᠮᠳᠠᠳᠤ ᠤᠯᠤᠰ ᠦᠩᠬᠡᠷᠡᠭᠰᠡᠡ ᠲᠠᠢ ᠪᠠᠨ ᠠᠳᠠᠯᠢ ᠪᠠᠷ ᠤᠷᠤᠰ ᠤᠨ ᠬᠢᠨ ᠤ ᠲᠤᠰ ᠤᠯᠤᠰ ᠤᠨ ᠪᠠᠶᠢᠳᠠᠯ ᠳᠠᠭᠠᠨ ᠨᠡᠶᠢᠴᠡᠭᠰᠡᠡ ᠬᠦᠭᠵᠢᠯᠳᠡ ᠶᠢᠨ ᠵᠠᠮ ᠢᠶᠠᠷ ᠵᠠᠮᠨᠠᠬᠤ ᠶᠢ ᠡᠷᠡᠰ ᠲᠡᠮᠵᠢᠵᠥ᠂ ᠤᠷᠤᠰ ᠤᠨ ᠬᠢᠨ ᠤ ᠬᠦᠭᠵᠢᠯᠳᠡ ᠮᠠᠨᠳᠤᠯᠳᠡ ᠪᠠᠨ ᠲᠦᠷᠬᠡᠬᠡᠨ ᠪᠡᠶᠡᠯᠡᠬᠦᠯᠬᠦ ᠶᠢ ᠡᠷᠡᠰ ᠲᠡᠮᠵᠢᠨ᠎ᠡ ᠬᠡᠵᠥ ᠵᠢᠭᠠᠵᠥ ᠭᠠᠷᠭᠠᠪᠠ᠃    ᠰᠢ ᠶᠢᠨ ᠫᠢᠩ᠂ ᠤᠳᠤᠬᠠᠨ ᠳᠤ ᠲᠡᠯᠡᠬᠡᠢ ᠶᠢᠨ ᠪᠠᠶᠢᠳᠠᠯ ᠤᠨ ᠬᠤᠪᠢᠷᠡᠯᠳᠡ ᠲᠤᠩ ᠲᠦᠷᠬᠡᠨ ᠪᠤᠯᠵᠥ ᠪᠠᠶᠢᠨ᠎ᠠ᠂ ᠲᠤᠮᠳᠠᠳᠤ ᠤᠷᠤᠰ ᠪᠦᠬᠦ ᠲᠡᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭᠠᠨ ᠤ ᠬᠠᠨᠢᠳᠠᠨ ᠪᠤᠯᠤᠬᠰᠠᠠ ᠤ ᠬᠤᠪᠢ ᠳᠤ᠂ ᠪᠠᠶᠢᠯᠳᠤᠬᠤ ᠪᠤᠳᠤᠯᠭ᠎ᠠ ᠶᠢᠨ ᠨᠡᠪᠲᠡᠷᠡᠯᠴᠡᠭᠡ ᠬᠠᠮᠳᠤᠷᠠᠯᠴᠠᠭ᠎ᠠ ᠪᠠᠨ ᠨᠢᠬᠳᠠᠷᠠᠭᠤᠯᠬᠤ ᠨᠢ ᠲᠦᠢᠯ ᠤᠨ ᠴᠢᠬᠤᠯᠠ ᠶᠤᠮ᠃ ᠲᠤᠮᠳᠠᠳᠤ ᠤᠯᠤᠰ ᠲᠤᠷᠠᠳᠠᠶ᠎ᠠ ᠤᠷᠤᠰ ᠤᠨ ᠬᠢᠨ ᠲᠠᠢ ᠦᠷᠬᠦᠯᠵᠢᠯᠡᠨ ᠡᠷᠡᠰ ᠲᠡᠮᠵᠢᠯᠴᠡᠵᠥ᠂ ᠭᠠᠳᠠᠭᠠᠳᠤ ᠶᠢᠨ ᠬᠢᠨ ᠤ ᠭᠠᠷ ᠲᠦᠷᠦᠵᠥ ᠡᠪᠳᠡᠯᠡᠭᠡ ᠬᠢᠬᠦ ᠶᠢ ᠡᠷᠡᠰ ᠡᠰᠡᠷᠬᠦᠴᠡᠨ᠂ ᠦᠪᠡᠷ ᠦᠪᠡᠷ ᠤᠨ ᠤᠯᠤᠰ ᠤᠨ ᠢᠶᠠᠨ ᠡᠷᠬᠡ ᠮᠡᠳᠡᠯ᠂ ᠠᠮᠤᠷ ᠲᠦᠪᠰᠢᠨ᠂ ᠬᠦᠭᠵᠢᠯᠳᠡ ᠶᠢᠨ ᠠᠰᠢᠬ ᠲᠤᠰᠠ ᠶᠢ ᠰᠠᠶᠢᠳᠤᠷ ᠬᠠᠮᠠᠭᠠᠯᠠᠵᠥ᠂ ᠬᠤᠶᠠᠷ ᠲᠡᠯ᠎ᠡ ᠶᠢᠨ ᠬᠠᠮᠳᠤ ᠶᠢᠨ ᠠᠰᠢᠬ ᠲᠤᠰᠠ ᠶᠢ ᠰᠠᠶᠢᠳᠤᠷ ᠬᠠᠮᠠᠭᠠᠯᠠᠨ᠎ᠠ ᠬᠡᠵᠥ ᠴᠢᠬᠤᠯᠠᠴᠢᠯᠠᠪᠠ᠃    ᠰᠢ ᠶᠢᠨ ᠫᠢᠩ᠂ ᠲᠤᠮᠳᠠᠳᠤ ᠪᠠ ᠤᠷᠤᠰ ᠤᠨ ᠬᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠬᠠᠮᠤᠭ ᠤᠨ ᠬᠦᠴᠢᠷ ᠲᠠᠢ ᠦᠶ᠎ᠡ ᠳᠤ ᠬᠠᠷᠢᠯᠴᠠᠨ ᠲᠡᠮᠵᠢᠵᠤ ᠬᠠᠷᠢᠯᠴᠠᠨ ᠬᠠᠪᠰᠤᠷᠴᠥ᠂ ᠰᠢᠨ᠎ᠡ ᠴᠠᠭ ᠦᠶ᠎ᠡ ᠶᠢᠨ ᠲᠤᠮᠳᠠᠳᠤ ᠤᠷᠤᠰ ᠤᠨ ᠬᠠᠷᠢᠯᠴᠠᠭ᠎ᠠ ᠳᠤ ᠰᠢᠨ᠎ᠡ ᠠᠭᠤᠯᠬᠤᠨ ᠨᠡᠮᠡᠷᠢᠯᠡᠵᠠᠢ᠃ ᠬᠤᠶᠠᠷ ᠲᠡᠯ᠎ᠡ ᠪᠠᠷ ᠢᠶᠠᠨ ᠨᠡᠯᠢᠶᠡᠳ ᠤᠷᠳᠤ ᠬᠤᠭᠤᠴᠠᠭᠠᠨ᠎ᠠ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠢ ᠰᠠᠶᠢᠳᠤᠷ ᠬᠢᠬᠦ ᠶᠢᠨ ᠵᠡᠷᠬᠡ ᠪᠠᠷ ᠤᠯᠠᠨ ᠶᠠᠩᠵᠥ ᠶᠢᠨ ᠠᠮᠢᠳᠤᠯᠢᠭ ᠠᠷᠭ᠎ᠠ ᠬᠡᠮᠵᠢᠶ᠎ᠠ ᠠᠪᠬᠤ ᠶᠢ ᠰᠤᠳᠤᠯᠵᠥ᠂ ᠡᠯ᠎ᠡ ᠬᠦᠷᠢᠶᠡᠨ ᠤ ᠬᠠᠮᠳᠤᠷᠠᠯᠴᠠᠭ᠎ᠠ ᠶᠢ ᠠᠬᠢᠭᠤᠯᠵᠥ ᠠᠵᠢᠯ ᠦᠢᠯᠡᠳᠪᠤᠷᠢᠯᠡᠯ ᠢᠶᠠᠨ ᠰᠡᠷᠬᠦᠬᠡᠬᠦ ᠶᠢ ᠲᠦᠷᠬᠡᠳᠬᠡᠶ᠎ᠡ᠃ ᠬᠤᠶᠠᠷ ᠲᠠᠯ᠎ᠠ ᠪᠠᠷ ᠢᠶᠠᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠠ ᠶᠢ ᠡᠬᠦᠳᠬᠦ ᠤᠨ ᠤ ᠠᠵᠠ ᠲᠤᠬᠢᠶᠠᠯ ᠢ ᠰᠠᠶᠢᠳᠤᠷ ᠠᠰᠢᠬᠯᠠᠨ ᠲᠡᠭᠡᠳᠤ ᠮᠡᠷᠬᠡᠵᠢᠯ᠂ ᠸᠠᠺᠼᠢᠨ ᠪᠤᠯᠤᠨ ᠡᠮ ᠲᠠᠩ ᠢ ᠰᠤᠳᠤᠯᠵᠤ ᠨᠡᠬᠡᠬᠡᠨ ᠬᠦᠭᠵᠢᠬᠦᠯᠬᠦ᠂ ᠠᠮᠢᠳᠤ ᠪᠤᠳᠠᠰ ᠤᠨ ᠠᠮᠤᠷ ᠲᠦᠪᠰᠢᠨ ᠵᠡᠷᠬᠡ ᠬᠦᠷᠢᠶᠠᠨ ᠤ ᠬᠠᠮᠳᠤᠷᠠᠯᠴᠠᠭ᠎ᠠ ᠶᠢ ᠴᠢᠩᠭᠠᠳᠬᠠᠵᠤ᠂ ᠳᠤᠮᠳᠠᠳᠤ ᠤᠷᠤᠰ ᠤᠨ ᠬᠠᠷᠢᠯᠴᠠᠭ᠎ᠠ ᠶᠢ ᠲᠠᠰᠤᠷᠠᠯᠳᠠ ᠦᠬᠡᠢ ᠨᠡᠩ ᠦᠨᠳᠤᠷ ᠲᠦᠪᠰᠢᠨ ᠳᠤ ᠠᠬᠢᠭᠤᠯᠵᠤ᠂ ᠬᠤᠶᠠᠷ ᠤᠯᠤᠰ ᠤᠨ ᠲᠤᠰ ᠲᠤᠰ ᠤᠨ ᠬᠦᠭᠵᠢᠯᠳᠠ ᠳᠤ ᠬᠦᠴᠤᠨ ᠨᠠᠮᠠᠷᠢᠯᠠᠵᠤ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠤᠢᠢᠯᠡᠳᠤᠶ᠎ᠡ᠃ ᠳᠤᠮᠳᠠᠳᠤ ᠤᠯᠤᠰ ᠲᠤᠷᠠᠳᠠᠶ᠎ᠠ ᠤᠷᠤᠰ ᠯᠤᠭ᠎ᠠ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠵᠡᠷᠬᠡ ᠤᠯᠠᠨ ᠲᠠᠯ᠎ᠠ ᠶᠢᠨ ᠪᠤᠷᠤ ᠲᠦᠯᠤᠪ ᠳᠤᠳᠤᠷ᠎ᠠ ᠵᠤᠬᠢᠴᠠᠯᠳᠤᠨ ᠬᠠᠮᠵᠢᠯᠴᠠᠵᠤ᠂ ᠤᠯᠠᠨ ᠲᠠᠯᠠᠳᠤ ᠦᠵᠡᠯ ᠢ ᠬᠠᠮᠠᠭᠠᠯᠠᠨ᠂ ᠡᠵᠡᠷᠭᠡᠭ ᠦᠵᠡᠯ ᠪᠤᠯᠤᠨ ᠭᠠᠭᠴᠠ ᠲᠠᠯᠠᠳᠤ ᠠᠵᠢᠯᠯᠠᠭ᠎ᠠ ᠶᠢ ᠡᠰᠡᠷᠬᠦᠴᠡᠵᠤ᠂ ᠲᠡᠯᠡᠬᠡᠢ ᠶᠢᠨ ᠡᠷᠬᠡ ᠲᠡᠭᠰᠢ ᠲᠦᠪ ᠭᠤᠤᠯᠴᠢ ᠶᠢ ᠬᠠᠮᠳᠤ ᠪᠠᠷ ᠬᠠᠮᠠᠭᠠᠯᠠᠨ᠂ ᠪᠦᠬᠦ ᠪᠦᠮᠪᠦᠷᠴᠡᠭ ᠤᠨ ᠵᠠᠰᠠᠯᠳᠠ ᠶᠢ ᠪᠦᠷᠢᠨᠰᠢᠬᠦᠯᠬᠦ᠂ ᠬᠦᠮᠤᠨ ᠲᠦᠷᠤᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠦᠳᠤᠬᠡᠨ ᠪᠠᠶᠢᠭᠤᠯᠬᠤ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠬᠦᠯᠤᠨ᠎ᠠ ᠬᠡᠵᠤ ᠴᠢᠬᠤᠯᠠᠴᠢᠯᠠᠪᠠ᠃    ᠫᠦᠲ᠋ᠢᠨ᠂ ᠤᠢᠢᠷ᠎ᠠ ᠶᠢᠨ ᠡᠳᠤᠷ ᠤᠷᠤᠰ ᠤᠨ ᠪᠦᠬᠦ ᠠᠷᠠᠳ ᠤᠨ ᠪᠢᠯᠧᠲ ᠦᠭᠬᠦᠯᠳᠠ ᠳᠤ ᠢᠷᠬᠡᠨ ᠤ ᠬᠠᠤᠯᠢ ᠳᠤ ᠵᠠᠰᠠᠪᠤᠷᠢ ᠤᠷᠤᠭᠤᠯᠬᠤ ᠲᠦᠰᠤᠯ ᠢ ᠤᠯᠠᠨ ᠲᠤᠭᠠᠨ ᠤ ᠪᠢᠯᠧᠲ ᠢᠶᠠᠷ ᠪᠠᠳᠤᠯᠠᠭᠰᠠᠠ ᠨᠢ ᠤᠷᠤᠰ ᠤᠨ ᠤᠯᠤᠰ ᠲᠦᠷᠤ ᠶᠢᠨ ᠤᠷᠳᠤ ᠬᠤᠭᠤᠴᠠᠭᠠᠨ ᠤ ᠲᠤᠭᠳᠠᠭᠤᠨ ᠢ ᠬᠠᠮᠠᠭᠠᠯᠠᠬᠤ᠂ ᠤᠯᠤᠰ ᠬᠦᠷᠤᠨ ᠤ ᠡᠷᠬᠡ ᠮᠡᠳᠡᠯ ᠢ ᠬᠠᠮᠠᠭᠠᠯᠠᠬᠤ᠂ ᠭᠠᠳᠠᠭᠠᠳᠤ ᠶᠢᠨ ᠭᠠᠷ ᠲᠦᠷᠤᠬᠦ ᠶᠢ ᠡᠰᠡᠷᠬᠦᠴᠡᠬᠦ ᠳᠤ ᠠᠰᠢᠬᠳᠠᠢ ᠶᠤᠮ᠃ ᠤᠷᠤᠰ ᠳᠤᠮᠳᠠᠳᠤ ᠴᠦᠮ ᠲᠤᠰ ᠤᠯᠤᠰ ᠤᠨ ᠢᠶᠠᠨ ᠡᠷᠬᠡ ᠮᠡᠳᠡᠯ ᠠᠮᠤᠷ ᠲᠦᠪᠰᠢᠨ ᠢ ᠨᠠᠨᠳᠢᠩᠨᠠᠵᠤ᠂ ᠢᠮᠠᠬᠳᠠ ᠡᠷᠡᠰ ᠪᠠᠳᠤ ᠬᠠᠷᠢᠯᠴᠠᠨ ᠲᠡᠮᠵᠢᠭᠰᠡᠬᠡᠷ ᠢᠷᠡᠵᠠᠢ᠂ ᠬᠢᠵᠢᠭ ᠤᠨ ᠪᠠᠶᠢᠳᠠᠯ ᠤᠨ ᠬᠠᠳᠠᠭᠤᠵᠢᠯᠳᠠᠢ ᠴᠠᠬ ᠦᠶ᠎ᠡ ᠳᠤ ᠬᠠᠶᠢᠷ᠎ᠠ ᠶᠢᠨ ᠭᠠᠷ ᠢᠶᠠᠨ ᠰᠤᠩᠭᠠᠨ ᠬᠠᠷᠢᠯᠴᠠᠨ ᠲᠡᠮᠵᠢᠭᠰᠡᠨ᠂ ᠲᠦᠷᠤᠬᠦᠬᠡᠨ ᠳᠤᠮᠳᠠᠳᠤ ᠤᠯᠤᠰ ᠤᠨ ᠠᠷᠠᠳ ᠤᠨ ᠴᠢᠯᠤᠬᠡᠯᠡᠬᠦ ᠴᠡᠷᠢᠭ ᠤᠨ ᠶᠤᠰᠤᠯᠠᠯ ᠤᠨ ᠠᠩᠬᠢ ᠶᠢᠨ ᠬᠢᠨ ᠤᠷᠤᠰ ᠲᠤ ᠢᠷᠡᠵᠤ ᠤᠯᠠᠭᠠᠨ ᠲᠠᠯᠠᠪᠠᠢ ᠶᠢᠨ ᠴᠡᠷᠢᠭ ᠰᠢᠯᠭᠠᠨ ᠦᠵᠡᠬᠦ ᠶᠤᠰᠤᠯᠠᠯ ᠳᠤ ᠤᠷᠤᠯᠴᠠᠭᠰᠠᠨ ᠨᠢ ᠡᠬᠦᠨ ᠢ ᠲᠠᠬᠢᠨᠳᠠ ᠭᠡᠷᠡᠴᠢᠯᠡᠭᠰᠡᠨ ᠪᠠᠶᠢᠨ᠎ᠠ᠃ ᠤᠷᠤᠰ ᠳᠤᠮᠳᠠᠳᠤ ᠶᠢᠨ ᠬᠠᠷᠢᠯᠴᠠᠭ᠎ᠠ ᠲᠡᠤᠬᠡ ᠶᠢᠨ ᠬᠠᠮᠤᠬ ᠤᠨ ᠦᠨᠳᠤᠷ ᠲᠦᠪᠰᠢᠨ ᠳᠤ ᠪᠠᠶᠢᠨ᠎ᠠ᠃ ᠤᠷᠤᠰ ᠤᠨ ᠲᠠᠯ᠎ᠠ ᠶᠢᠨ ᠬᠢᠨ ᠳᠤᠮᠳᠠᠳᠤ ᠤᠯᠤᠰ ᠤᠨ ᠰᠢᠶᠠᠩᠭᠠᠩ ᠤᠨᠴᠠᠭᠠᠢ ᠵᠠᠰᠠᠬ ᠵᠠᠬᠢᠷᠭᠠᠨ ᠤ ᠤᠷᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠷᠮᠠᠶᠢᠯᠭ᠎ᠠ ᠶᠢ ᠡᠷᠡᠰ ᠲᠡᠮᠵᠢᠵᠤ᠂ ᠳᠤᠮᠳᠠᠳᠤ ᠤᠯᠤᠰ ᠤᠨ ᠡᠷᠬᠡ ᠮᠡᠳᠡᠯ ᠢ ᠡᠪᠳᠡᠬᠦ ᠠᠯᠢᠪᠠ ᠬᠠᠯᠳᠠᠯᠭ᠎ᠠ ᠶᠢᠨ ᠠᠵᠢᠯᠯᠠᠭ᠎ᠠ ᠶᠢ ᠡᠰᠡᠷᠬᠦᠴᠡᠨ᠎ᠠ᠂ ᠳᠤᠮᠳᠠᠳᠤ ᠤᠯᠤᠰ ᠤᠨ ᠬᠢᠨ ᠰᠢᠶᠠᠩᠭᠠᠩ ᠤᠨ ᠤᠷᠳᠤ ᠬᠤᠭᠤᠴᠠᠭᠠᠨ ᠤ ᠬᠦᠭᠵᠢᠯ ᠴᠡᠴᠡᠭᠯᠡᠯ ᠪᠤᠯᠤᠨ ᠲᠤᠭᠳᠠᠭᠤᠨ ᠢ ᠪᠦᠷᠢᠮᠤᠰᠤᠨ ᠬᠠᠮᠠᠭᠠᠯᠠᠵᠤ ᠲᠡᠶᠢᠯᠬᠦ ᠶᠢ ᠪᠠᠳᠤ ᠢᠳᠡᠬᠡᠵᠤ ᠪᠠᠶᠢᠨ᠎ᠠ᠃ ᠤᠷᠤᠰ ᠤᠨ ᠲᠠᠯ᠎ᠠ ᠶᠢᠨ ᠬᠢᠨ ᠳᠤᠮᠳᠠᠳᠤ ᠯᠤᠭ᠎ᠠ ᠶᠢᠨ ᠬᠠᠷᠢᠯᠴᠠᠭ᠎ᠠ ᠶᠢ ᠭᠠᠳᠠᠭᠠᠳᠤ ᠬᠠᠷᠢᠯᠴᠠᠭᠠᠨ ᠤ ᠪᠠᠨ ᠤᠷᠢᠳ ᠢᠶᠠᠷ ᠪᠤᠳᠤᠯᠬᠢᠯᠠᠬᠤ ᠴᠢᠭᠯᠡᠯ ᠢᠶᠠᠷ ᠦᠵᠡᠵᠤ᠂ ᠳᠤᠮᠳᠠᠳᠤ ᠤᠯᠤᠰ ᠯᠤᠭ᠎ᠠ ᠬᠠᠮᠳᠤ ᠪᠠᠷ ᠬᠤᠶᠠᠷ ᠤᠯᠤᠰ ᠤᠨ ᠡᠯ᠎ᠠ ᠬᠦᠷᠢᠶ᠎ᠠ ᠴᠠᠷᠠᠭᠠᠨ ᠳᠠᠬᠢ ᠪᠤᠳᠠᠳᠠᠢ ᠶᠢ ᠡᠷᠬᠢᠮᠯᠡᠭᠰᠡᠡ ᠬᠠᠮᠳᠤᠷᠠᠯᠴᠠᠭ᠎ᠠ ᠶᠢ ᠦᠷᠬᠦᠯᠵᠢᠯᠠᠨ ᠠᠬᠢᠭᠤᠯᠵᠤ᠂ ᠱᠠᠩᠬᠠᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠵᠡᠷᠬᠡ ᠪᠤᠷᠤ ᠲᠦᠯᠤᠪ ᠤᠨ ᠳᠤᠳᠤᠷᠠᠬᠢ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠵᠤᠬᠢᠴᠠᠭᠤᠯᠭ᠎ᠠ ᠪᠠᠨ ᠴᠢᠩᠭᠠᠳᠬᠠᠵᠤ᠂ ᠪᠦᠬᠦ ᠪᠦᠮᠪᠤᠷᠴᠡᠭ ᠤᠨ ᠪᠠᠶᠢᠯᠳᠤᠬᠤ ᠪᠤᠳᠤᠯᠭ᠎ᠠ ᠶᠢᠨ ᠲᠤᠭᠳᠠᠭᠤᠨ ᠬᠢᠬᠡᠳ ᠠᠮᠤᠷ ᠲᠦᠪᠰᠢᠨ ᠢ ᠬᠠᠮᠠᠭᠠᠯᠠᠨ᠎ᠠ ᠬᠡᠵᠤ ᠢᠯᠡᠳᠬᠡᠪᠠ᠃    ᠫᠦᠲ᠋ᠢᠨ ᠳᠤᠮᠳᠠᠳᠤ ᠤᠯᠤᠰ ᠤᠨ ᠡᠮᠤᠨᠡᠳᠤ ᠤᠷᠤᠨ ᠤ ᠤᠯᠠᠨ ᠭᠠᠵᠠᠷ ᠤᠷᠤᠨ ᠳᠤ ᠦᠶᠡᠷ ᠤᠰᠤᠳᠤᠯ ᠭᠠᠵᠠᠷ ᠤᠨ ᠭᠠᠮᠰᠢᠬ ᠭᠠᠷᠤᠬᠰᠠᠠ ᠳᠤ ᠲᠤᠬᠤᠨᠢᠭᠤᠯᠵᠤ ᠪᠠᠶᠢᠬᠤ ᠪᠠᠨ ᠢᠯᠡᠳᠬᠡᠪᠡ᠂ ᠰᠢ ᠶᠢᠨ ᠫᠢᠩ ᠡᠬᠦᠨ ᠳᠤᠨᠢ ᠲᠠᠯᠠᠷᠬᠠᠵᠤ ᠪᠠᠶᠢᠬᠤ ᠪᠠᠨ ᠢᠯᠡᠳᠬᠡᠵᠠᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号