ᠬᠤᠰᠢᠭᠤ ᠮᠣᠩᠭᠤᠯ ᠦᠨᠳᠦᠰᠦᠳᠡᠨ ᠤ ᠳᠣᠷᠰᠢᠯᠳᠠ ᠶᠢᠨ ᠪᠠᠭ᠎ᠠ ᠰᠣᠷᠭᠠᠭᠤᠯᠢ ︽︿ᠨᠡᠶᠢᠬᠡᠮ ᠵᠢᠷᠣᠮ ᠤᠨ ᠭᠤᠣᠯᠯᠠᠭᠴᠢ ᠦᠷᠳᠡᠭ ᠤᠨ ᠦᠵᠡᠯᠳᠡ﹀ ᠶᠢ ᠰᠣᠷᠣᠯᠴᠠᠵᠦ ᠰᠢᠨ᠎ᠡ ᠴᠠᠭ ᠦᠶ᠎ᠡ ᠶᠢᠨ ᠰᠢᠯᠢᠳᠡᠭ ᠪᠠᠭᠠᠴᠣᠳ ᠪᠣᠯᠣᠶ᠎ᠠ︾ ᠬᠡᠬᠦ ᠭᠤᠣᠯ ᠰᠡᠳᠣᠪᠲᠣ ᠬᠢᠴᠢᠶᠡᠯᠯᠡᠭᠡ ᠬᠢᠪᠡ
ᠨᠡᠶᠢᠲᠡᠯᠡᠭᠰᠡᠨ ᠴᠠᠭ᠄
2020-07-09
     7 ᠰᠠᠷ᠎ᠠ ᠶᠢᠨ 7 ᠤ ᠡᠳᠦᠷ᠂ ᠬᠤᠰᠢᠭᠤ ᠮᠣᠩᠭᠤᠯ ᠦᠨᠳᠦᠰᠦᠳᠡᠨ ᠤ ᠳᠣᠷᠰᠢᠯᠳᠠ ᠶᠢᠨ ᠪᠠᠭ᠎ᠠ ᠰᠣᠷᠭᠠᠭᠤᠯᠢ ︽︿ᠨᠡᠶᠢᠬᠡᠮ ᠵᠢᠷᠣᠮ ᠤᠨ ᠭᠤᠣᠯᠯᠠᠭᠴᠢ ᠦᠷᠳᠡᠭ ᠤᠨ ᠦᠵᠡᠯᠳᠡ﹀ ᠶᠢ ᠰᠣᠷᠣᠯᠴᠠᠵᠦ ᠰᠢᠨ᠎ᠡ ᠴᠠᠭ ᠦᠶ᠎ᠡ ᠶᠢᠨ ᠰᠢᠯᠢᠳᠡᠭ ᠪᠠᠭᠠᠴᠣᠳ ᠪᠣᠯᠣᠶ᠎ᠠ︾ ᠬᠡᠬᠦ ᠭᠤᠣᠯ ᠰᠡᠳᠤᠪᠳᠤ ᠬᠢᠴᠢᠶᠡᠯᠯᠡᠭᠡ ᠬᠢᠪᠡ᠃       ᠬᠤᠰᠢᠭᠤ ᠮᠣᠩᠭᠤᠯ ᠦᠨᠳᠦᠰᠦᠳᠡᠨ ᠤ ᠳᠣᠷᠰᠢᠯᠳᠠ ᠶᠢᠨ ᠪᠠᠭ᠎ᠠ ᠰᠣᠷᠭᠠᠭᠤᠯᠢ ᠶᠢᠨ ᠬᠤᠳᠠ ᠶᠢᠨ ᠳᠡᠰ ᠤᠨ ᠬᠢᠴᠢᠶᠡᠯ ᠳᠦᠷᠦᠯ ᠤᠨ ᠳᠠᠭᠠᠭᠤᠯᠣᠭᠴᠢ ᠪᠠᠭᠰᠢ ᠰᠠᠶᠢᠨ᠋ᠡᠯᠪᠡᠭ ᠠᠴᠠ ︽︿ᠨᠡᠶᠢᠬᠡᠮ ᠵᠢᠷᠣᠮ ᠤᠨ ᠭᠤᠣᠯᠯᠠᠭᠴᠢ ᠦᠷᠳᠡᠭ ᠤᠨ ᠦᠵᠡᠯᠳᠡ﹀ ᠶᠢ ᠰᠣᠷᠣᠯᠴᠠᠵᠦ ᠰᠢᠨ᠎ᠡ ᠴᠠᠭ ᠦᠶ᠎ᠡ ᠶᠢᠨ ᠰᠢᠯᠢᠳᠡᠭ ᠪᠠᠭᠠᠴᠣᠳ ᠪᠣᠯᠣᠶ᠎ᠠ︾ ᠬᠡᠬᠦ ᠭᠤᠣᠯ ᠰᠡᠳᠣᠪ ᠢᠶᠠᠷ ᠬᠢᠴᠢᠶᠡᠯᠯᠡᠵᠦ ︽ ᠨᠡᠶᠢᠬᠡᠮ ᠵᠢᠷᠣᠮ ᠤᠨ ᠭᠤᠣᠯᠯᠠᠭᠴᠢ ᠦᠷᠳᠡᠭ ᠤᠨ ᠦᠵᠡᠯᠳᠡ︾ ᠶᠢᠨ ᠠᠭᠤᠯᠭ᠎ᠠ ᠶᠢ ᠪᠣᠳᠠᠳᠣ ᠠᠮᠢᠳᠣᠷᠠᠯ  ᠲᠠᠢ ᠣᠶᠠᠯᠳᠣᠭᠤᠯᠣᠨ ᠠᠮᠢᠳᠣᠯᠢᠭ ᠣᠶᠢᠯᠠᠭᠠᠮᠵᠢᠲᠠᠢ ᠳᠠᠶᠢᠯᠪᠣᠷᠢᠯᠠᠵᠦ ᠬᠢᠴᠢᠶᠡᠯᠯᠡᠭᠰᠡᠨ ᠪᠠᠶᠢᠨ᠎ᠠ᠃       ᠬᠢᠴᠢᠶᠡᠯᠯᠡᠭᠴᠢ ᠪᠠᠭᠰᠢ ᠰᠠᠶᠢᠨ᠋ᠡᠯᠪᠡᠭ᠄ ︽ᠪᠢᠳᠡ ᠨᠡᠶᠢᠬᠡᠮ ᠵᠢᠷᠣᠮ ᠤᠨ ᠭᠤᠣᠯᠯᠠᠭᠴᠢ ᠦᠷᠳᠡᠭ ᠤᠨ ᠦᠵᠡᠯ ᠢᠶᠠᠷ ᠦᠪᠡᠷ ᠤᠨ ᠦᠵᠡᠯ ᠰᠠᠨᠠᠭ᠎ᠠ ᠪᠠᠨ ᠵᠢᠯᠣᠭᠤᠳᠣᠭᠤᠯᠵᠦ ᠦᠪᠡᠷ ᠤᠨ ᠳᠣᠳᠣᠭᠠᠲᠣ ᠰᠡᠳᠬᠢᠯᠬᠡ ᠪᠠᠨ ᠵᠠᠰᠠᠵᠦ ᠰᠣᠷᠣᠯᠭ᠎ᠠ  ᠳᠠᠭᠠᠨ ᠴᠢᠷᠮᠠᠶᠢᠵᠦ ᠶᠠᠪᠣᠪᠠᠯ ᠮᠠᠨ ᠤ ᠰᠣᠷᠣᠭᠴᠢᠳ ᠯᠠᠪᠳᠠᠢ ᠦᠪᠡᠷ ᠤᠨ ᠪᠡᠶ᠎ᠡ ᠳᠡᠭᠡᠨ ᠬᠠᠷᠢᠭᠤᠴᠠᠯᠭ᠎ᠠ ᠲᠠᠢ᠂ ᠤᠯᠤᠰ ᠦᠨᠳᠦᠰᠦᠳᠡᠨ ᠳᠡᠭᠡᠨ ᠬᠠᠷᠢᠭᠤᠴᠠᠯᠭ᠎ᠠ ᠲᠠᠢ ᠰᠢᠨ᠎ᠡ ᠦᠶ᠎ᠡ ᠶᠢᠨ ᠪᠠᠭᠠᠴᠣᠳ ᠪᠣᠯᠵᠦ ᠳᠡᠶᠢᠯᠦᠨ᠎ᠡ ᠬᠡᠰᠡᠨ ᠶᠤᠰᠤ ᠤᠴᠢᠷ ᠢ ᠤᠶᠢᠯᠠᠭᠠᠭᠤᠯᠣᠨ ᠮᠡᠳᠡᠬᠦᠯᠵᠦ ᠨᠡᠶᠢᠬᠡᠮ ᠨᠡᠶᠢᠳᠡ ᠪᠦᠬᠦᠳᠡᠭᠡᠷ ᠢᠶᠠᠨ ᠪᠣᠯᠪᠠᠰᠣᠨ ᠰᠠᠶᠢᠬᠠᠨ ᠣᠷᠴᠢᠨ ᠠᠬᠤᠢ᠂ ᠡᠶ᠎ᠡ ᠵᠣᠬᠢᠴᠠᠩᠭᠤᠢ ᠠᠮᠢᠳᠣᠷᠠᠯ ᠢ ᠪᠦᠲᠦᠬᠡᠨ ᠪᠠᠶᠢᠭᠤᠯᠤᠶ᠎ᠠ ᠬᠡᠰᠡᠨ ᠬᠠᠷᠠᠯᠳᠠ ᠠᠴᠠ ᠳᠣᠰ ᠬᠢᠴᠢᠶᠡᠯᠯᠡᠭᠡ ᠶᠢ ᠲᠤᠬᠢᠷᠠᠭᠤᠯᠤᠭᠰᠠᠨ ᠶᠤᠮ︾ ᠭᠡᠪᠡ᠃       ᠬᠢᠴᠢᠶᠡᠯᠯᠡᠭᠡ ᠳᠤ ︽ᠣᠷᠮ᠎ᠠ ᠪᠠᠭ᠋ᠠᠳᠣᠯᠳᠣ — ᠭᠤᠣᠯ ᠴᠣᠭᠴᠠᠳᠣ — ᠦᠷ᠎ᠡ ᠪᠦᠲᠦᠮᠵᠢᠲᠦ︾ ᠬᠢᠴᠢᠶᠡᠯ ᠤᠨ ᠳᠢᠩᠬᠢᠮ ᠤᠨ ᠬᠡᠪ ᠵᠠᠭᠪᠣᠷ ᠢ ᠣᠯᠠᠮ ᠬᠦᠨᠵᠡᠬᠡᠶᠢᠷᠡᠬᠦᠯᠦᠨ ᠲᠤᠭᠤᠰᠢᠯᠠᠭᠤᠯᠵᠦ ᠰᠣᠷᠣᠭᠴᠢᠳ ᠤᠨ ᠮᠡᠳᠡᠯᠬᠡ ᠡᠵᠡᠮᠰᠢᠬᠦ ᠠᠷᠭ᠎ᠠ ᠶᠢ ᠳᠣᠬᠢᠷᠠᠮᠵᠢᠲᠠᠢ ᠳᠣᠬᠢᠷᠠᠭᠤᠯᠤᠨ ᠬᠦᠰᠡᠯᠡᠩ ᠢᠶᠠᠨ ᠶᠠᠷᠢᠬᠤ᠂ ᠵᠣᠷᠢᠭ ᠢᠶᠠᠨ ᠢᠯᠡᠳᠬᠡᠬᠦ᠂ ᠣᠶᠢᠯᠠᠭᠠᠯᠳᠠ ᠪᠠᠨ ᠶᠠᠷᠢᠬᠤ᠂ ᠬᠠᠷᠢᠯᠴᠠᠨ ᠦᠨᠡᠯᠡᠬᠦ ᠵᠡᠷᠭᠡ ᠬᠢᠴᠢᠶᠡᠯᠯᠡᠭᠡ ᠶᠢᠨ ᠬᠡᠯᠪᠡᠷᠢ ᠪᠠᠷ ᠰᠣᠷᠣᠭᠴᠢᠳ ᠤᠨ ᠦᠷᠳᠡᠭ ᠤᠨ ᠦᠵᠡᠯᠳᠡ ᠶᠢ ᠵᠦᠪ ᠢᠶᠠᠷ ᠵᠢᠯᠣᠭᠤᠳᠣᠨ ᠰᠣᠷᠣᠭᠴᠢᠳ ᠤᠨ ᠣᠷᠮ᠎ᠠ ᠪᠠᠬ᠎ᠠ ᠶᠢ ᠬᠦᠭᠵᠢᠬᠡᠨ ᠤᠷᠤᠯᠴᠠᠯᠭ᠎ᠠ ᠶᠢ ᠳᠠᠶᠢᠴᠢᠯᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号