| ᠤᠢᠢᠷ᠎ᠠ ᠶᠢᠨ ᠡᠳᠤᠷ᠂ ᠦᠤᠰᠢᠨ ᠬᠤᠰᠢᠭᠤᠨ ᠤ ᠰᠦᠯᠳᠠ ᠰᠤᠮᠤ ᠶᠢᠨ ᠲᠤᠯᠢ ᠭᠠᠴᠠᠭ᠎ᠠ ︽ᠨᠠᠮ ᠤᠨ | ᠪᠠᠶᠢᠭᠤᠯᠤᠯᠳᠠ ᠶᠢ ᠠᠳᠬᠤᠨ ᠬᠦᠭᠵᠢᠯᠳᠡ ᠶᠢ ᠠᠬᠢᠭᠤᠯᠵᠤ᠂ ᠠᠵᠤ ᠦᠢᠯᠡᠰ ᠢ ᠲᠡᠰ ᠲᠡᠪᠰᠢᠭᠦᠯᠵᠤ ᠤᠷᠤᠯᠭ᠎ᠠ ᠶᠢᠨ | ᠨᠡᠮᠡᠭᠳᠡᠯ ᠢ ᠪᠠᠳᠤᠯᠠᠬᠤ︾ ᠭᠤᠤᠯ ᠰᠡᠳᠤᠪᠳᠤ ᠨᠠᠮ ᠤᠨ ᠡᠳᠦᠷᠯᠢᠭ ᠤᠨ ᠠᠵᠢᠯᠯᠠᠭ᠎ᠠ ᠦᠷᠨᠢᠭᠦᠯᠵᠠᠢ᠃ ᠨᠢᠭᠡ ᠳᠤ᠂ ︽ | ᠨᠠᠮ ᠤᠨ ᠡᠭᠦᠷ + ᠬᠠᠮᠳᠤᠷᠠᠨ ᠠᠵᠢᠯᠯᠠᠬᠤ ᠬᠤᠷᠰᠢᠶ᠎ᠠ + ᠮᠠᠯᠴᠢᠨ ᠲᠠᠷᠢᠶᠠᠴᠢᠨ ᠡᠷᠤᠭᠡ︾ ᠶᠢᠨ ᠠᠵᠤ ᠦᠢᠯᠡᠰ ᠢ | ᠬᠦᠭᠵᠢᠭᠦᠯᠭᠦ ᠶᠢ ᠠᠬᠢᠭᠤᠯᠵᠤ᠂ ᠨᠠᠷᠢᠨ ᠨᠤᠤᠰᠤᠳᠤ ᠬᠤᠨᠢᠨ ᠤ ᠠᠵᠤ ᠦᠢᠯᠡᠰ ᠢ ᠲᠡᠰ ᠲᠡᠪᠰᠢᠭᠦᠯᠤᠨ | ᠬᠦᠭᠵᠢᠭᠦᠯᠭᠦ ᠳᠤ ᠲᠦᠪᠯᠡᠷᠡᠩᠭᠦᠢ ᠪᠤᠯᠪᠠᠰᠤᠷᠠᠯ ᠬᠢᠵᠤ᠂ ᠲᠤᠬᠠᠢ ᠶᠢᠨ ᠲᠠᠯᠠᠪᠤᠷ ᠲᠤ ᠨᠠᠷᠢᠨ ᠨᠤᠤᠰᠤᠳᠤ ᠬᠤᠨᠢ | ᠬᠤᠳᠠᠯᠳᠤᠨ ᠠᠪᠬᠤ ᠵᠠᠬᠢᠶᠠᠯᠠᠭ᠎ᠠ ᠶᠢᠨ ᠭᠡᠷ᠎ᠠ ᠲᠤᠭᠳᠠᠪᠠ᠃ ᠬᠤᠶᠠᠷ ᠲᠤ᠂ ᠪᠦᠬᠦ ᠨᠠᠮ ᠤᠨ ᠭᠡᠰᠢᠭᠦᠨ ᠳᠤ ᠲᠤᠭᠤᠷᠢᠨ | ᠪᠠᠶᠢᠴᠠᠭᠠᠭᠰᠠᠨ ᠰᠠᠨᠠᠯ ᠢ ᠨᠡᠶᠢᠳᠡᠯᠡᠵᠤ᠂ ᠠᠰᠠᠭᠤᠳᠠᠯ ᠢ ᠵᠠᠰᠠᠨ ᠴᠡᠭᠴᠡᠯᠡᠭᠦ ᠠᠷᠭ᠎ᠠ ᠪᠠᠷᠢᠯ ᠢ ᠶᠠᠷᠢᠯᠴᠠᠵᠤ᠂ | ᠠᠰᠠᠭᠤᠳᠠᠯ ᠢ ᠵᠠᠰᠠᠨ ᠴᠡᠭᠴᠡᠯᠡᠭᠦ ᠠᠵᠢᠯ ᠤᠨ ᠡᠭᠦᠷᠭᠡ ᠪᠠᠨ ᠲᠤᠳᠤᠷᠬᠠᠢᠢᠯᠠᠵᠤ᠂ 8 ᠨᠠᠮ ᠤᠨ ᠭᠡᠰᠢᠭᠦᠨ ᠤ | ᠦᠢᠯᠡᠴᠢᠯᠡᠭᠡᠨ ᠤ ᠲᠤᠭᠤᠢᠢᠯᠠᠩ ᠢ ᠵᠤᠬᠢᠶᠠᠨ ᠪᠠᠶᠢᠭᠤᠯᠵᠤ᠂ ᠨᠠᠮ ᠤᠨ ᠭᠡᠰᠢᠭᠦᠨ ᠶᠠᠳᠠᠭᠤ ᠬᠦᠴᠢᠷᠳᠠᠯᠳᠠᠢ | ᠡᠷᠤᠭᠡ ᠲᠠᠢ ᠬᠠᠷᠢᠯᠴᠠᠵᠤ᠂ ᠲᠡᠳᠡᠨ ᠤ ᠠᠵᠢᠯ ᠠᠮᠢᠳᠤᠷᠠᠯ ᠤᠨ ᠪᠠᠶᠢᠳᠠᠯ ᠢ ᠴᠠᠭ ᠢᠮᠠᠭᠳᠠ ᠦᠢᠯᠠᠭᠠᠬᠤ ᠪᠠᠷ | ᠲᠤᠭᠳᠠᠭᠰᠠᠨ ᠪᠠᠶᠢᠨ᠎ᠠ᠃ | |