ᠪᠤᠭᠤᠳᠠᠢ ᠪᠤᠯᠪᠠᠰᠤᠷᠠᠬᠤ ᠠᠯᠳᠠᠨ ᠰᠢᠷᠭᠠᠯ ᠤᠯᠠᠷᠢᠯ ᠬᠦᠷᠴᠤ ᠢᠷᠡᠬᠦ ᠪᠠᠷ᠂ ᠦᠤᠰᠢᠨ ᠬᠤᠰᠢᠭᠤᠨ ᠤ | ᠪᠤᠭᠤᠳᠠᠢ ᠪᠠᠨ ᠬᠠᠳᠤᠵᠤ ᠬᠤᠷᠢᠶᠠᠬᠤ ᠠᠵᠢᠯ ᠪᠦᠬᠦ ᠳᠠᠯ᠎ᠠ ᠪᠠᠷ ᠡᠬᠢᠯᠡᠵᠤ᠂ ᠤᠳᠤᠬᠠᠨ ᠳᠤ ᠡᠨᠡ ᠬᠦ ᠠᠵᠢᠯ ᠨᠢ | ᠰᠢᠪᠳᠤᠷᠠᠭᠠᠨ ᠳᠠᠭᠠᠨ ᠤᠷᠤᠵᠤ ᠪᠠᠶᠢᠨ᠎ᠠ᠃ | ᠰᠤᠷᠪᠤᠯᠵᠢᠯᠠᠬᠴᠢ ᠦᠤᠰᠢᠨ ᠬᠤᠰᠢᠭᠤᠨ ᠤ ᠭᠠᠯᠠᠭᠤᠳᠤ ᠪᠠᠯᠭᠠᠰᠤᠨ ᠤ ᠰᠡᠪᠬᠦᠯ ᠭᠠᠴᠠᠭᠠᠨ ᠤ ᠮᠠᠯᠴᠢᠨ | ᠴᠡᠩᠭᠡᠯ ᠤᠨ ᠬᠢᠨ ᠳᠤ ᠬᠦᠷᠬᠦ ᠳᠤ ᠳᠡᠷᠡ 20 ᠭᠠᠷᠤᠢ ᠮᠥ ᠪᠤᠭᠤᠳᠠᠢ ᠪᠠᠨ ᠬᠤᠷᠢᠶᠠᠭᠠᠳ ᠶᠠᠭᠠᠷᠠᠵᠤ ᠪᠠᠶᠢᠯ᠎ᠠ᠃ | ᠴᠡᠩᠭᠡᠯ᠄ ︽ᠮᠠᠨ ᠤ ᠬᠢᠨ ᠤᠤᠯ ᠳᠠᠭᠠᠨ 40 ᠭᠠᠷᠤᠢ ᠮᠥ ᠤᠷᠭᠠᠨᠢᠭ ᠪᠤᠭᠤᠳᠠᠢ ᠳᠠᠷᠢᠵᠤ ᠪᠠᠶᠢᠪᠠ᠂ ᠬᠢᠮᠢ ᠶᠢᠨ | ᠪᠤᠷᠳᠤᠭᠤᠷ᠂ ᠳᠠᠷᠢᠶᠠᠨ ᠡᠮ ᠵᠡᠷᠭᠡ ᠶᠢ ᠶᠡᠷᠦ ᠳᠡᠭᠡᠨ ᠭᠡᠷᠡᠭᠯᠡᠳᠡᠭ ᠦᠭᠡᠢ ᠪᠤᠯᠬᠤᠷ ᠤᠨᠠᠯᠳᠠ ᠨᠢ ᠪᠠᠷᠤᠬᠳᠠᠢ ᠪᠠᠶᠢᠳᠠᠭ | ᠴᠤ ᠴᠤᠯ ᠪᠠᠶᠢᠭᠠᠯᠢᠯᠢᠭ ᠪᠠᠶᠢᠳᠠᠭ ᠢᠶᠠᠷ ᠢᠶᠠᠨ ᠬᠦᠮᠤᠰ ᠤᠨ ᠳᠠᠭᠠᠰᠢᠶᠠᠯ ᠢ ᠤᠯᠵᠤ ᠪᠤᠷᠤᠯᠠᠭᠤᠯᠭ᠎ᠠ ᠰᠠᠶᠢᠳᠠᠢ ᠪᠠᠶᠢᠳᠠᠭ | ᠶᠤᠮ᠃ ᠢᠡᠭᠬᠢᠵᠤ ᠳᠠᠷᠢᠬᠰᠠᠨ ᠪᠤᠭᠤᠳᠠᠢ ᠨᠢ ᠬᠦᠮᠤᠰ ᠤᠨ ᠪᠡᠶ᠎ᠠ ᠳᠤ ᠬᠦᠨᠤᠭᠡᠯ ᠦᠭᠡᠢ᠂ ᠦᠪᠡᠷ ᠢᠶᠠᠨ ᠢᠳᠡᠬᠦ ᠳᠤ | ᠴᠤ ᠰᠠᠨᠠᠭ᠎ᠠ ᠠᠮᠤᠷ ᠰᠢᠤ︾ ᠭᠡᠵᠤ ᠰᠤᠷᠪᠤᠯᠵᠢᠯᠠᠬᠴᠢ ᠳᠤ ᠳᠠᠨᠢᠯᠴᠠᠭᠤᠯᠤᠨ ᠶᠠᠷᠢᠨ᠎ᠠ᠃ | ᠤᠢᠢᠷ᠎ᠠ ᠶᠢᠨ ᠵᠢᠯ ᠠᠴᠠ ᠨᠠᠭᠠᠰᠢ᠂ ᠭᠠᠯᠠᠭᠤᠳᠤ ᠪᠠᠯᠭᠠᠰᠤᠨ ᠤ ᠰᠡᠪᠬᠦᠯ ᠭᠠᠴᠠᠭ᠎ᠠ ᠶᠢᠨ ᠬᠢᠨ ᠬᠤᠰᠢᠭᠤ | ᠪᠠᠯᠭᠠᠰᠤ ᠬᠤᠶᠠᠷ ᠱᠠᠳᠤᠨ ᠤ ︽ᠨᠢᠭᠡ ᠭᠠᠴᠠᠭ᠎ᠠ ᠳᠤᠰᠬᠤᠨ ᠨᠢᠭᠡ ᠳᠦᠷᠤᠯ ᠳᠡᠮᠳᠡᠭᠳᠦ ᠶᠢ ᠡᠬᠦᠳᠬᠦ︾ ᠪᠤᠬᠢᠷᠳᠤᠯ | ᠦᠭᠡᠢ ᠮᠠᠯ ᠳᠠᠷᠢᠶᠠᠯᠠᠩ ᠤᠨ ᠪᠦᠳᠤᠭᠡᠭᠳᠡᠬᠦᠨ ᠲᠠᠢ ᠪᠤᠯᠬᠤ ᠤᠷᠢᠶᠠᠯᠠᠭ᠎ᠠ ᠪᠠᠷ ᠳᠠᠷᠢᠮᠠᠯ ᠤᠨ ᠪᠦᠳᠤᠴᠡ ᠳᠡᠭᠡᠨ | ᠳᠤᠬᠢᠷᠠᠭᠤᠯᠤᠯᠳᠠ ᠬᠢᠭᠰᠡᠨ ᠪᠠᠶᠢᠨ᠎ᠠ᠃ ᠤᠳᠤᠬᠠᠨ ᠳᠤ 10 ᠭᠠᠷᠤᠢ ᠡᠷᠤᠭᠡ 320 ᠭᠠᠷᠤᠢ ᠮᠥ ᠪᠤᠬᠢᠷᠳᠤᠯ ᠦᠭᠡᠢ | ᠤᠷᠭᠠᠨᠢᠭ ᠪᠤᠭᠤᠳᠠᠢ ᠳᠠᠷᠢᠵᠤ᠂ ᠳᠡᠷᠡᠴᠢᠯᠡᠨ ᠪᠠᠰᠠ ᠳᠤᠰᠬᠠᠢ ᠭᠤᠯᠢᠷ ᠪᠤᠯᠪᠠᠰᠤᠷᠠᠭᠤᠯᠬᠤ ᠤᠢᠢᠯᠡᠳᠪᠤᠷᠢ | ᠪᠠᠶᠢᠭᠤᠯᠬᠤ ᠶᠢᠨ ᠬᠠᠮᠳᠤ ᠡᠷᠳᠡᠨᠢ ᠰᠢᠰᠢ ᠪᠠᠷ ᠪᠤᠬᠢᠷᠳᠤᠯ ᠦᠭᠡᠢ ᠤᠷᠭᠠᠨᠢᠭ ᠪᠤᠭᠤᠳᠠᠢ ᠰᠤᠯᠢᠬᠤ ᠠᠷᠭ᠎ᠠ ᠠᠪᠴᠤ᠂ | ᠮᠠᠯᠴᠢᠳ ᠤᠨ ᠤᠷᠭᠠᠨᠢᠭ ᠪᠤᠷᠳᠤᠭᠤᠷ ᠳᠠᠷᠢᠬᠤ ᠢᠳᠡᠪᠬᠢᠵᠢᠯ ᠢ ᠳᠠᠶᠢᠴᠢᠯᠠᠵᠤ ᠪᠤᠢ᠃ | ᠤᠢᠢᠯᠠᠭᠠᠬᠰᠠᠨ ᠢᠶᠠᠷ᠂ ᠦᠤᠰᠢᠨ ᠬᠤᠰᠢᠭᠤᠨ ᠤ ᠭᠠᠯᠠᠭᠤᠳᠤ ᠪᠠᠯᠭᠠᠰᠤ᠂ ᠰᠦᠯᠳᠡ ᠰᠤᠮᠤ᠂ ᠰᠢᠷᠬᠤᠰᠤᠨ | ᠪᠠᠯᠭᠠᠰᠤᠨ ᠳᠤ ᠨᠡᠶᠢᠳᠡ 2000 ᠭᠠᠷᠤᠢ ᠮᠥ ᠪᠤᠬᠢᠷᠳᠤᠯ ᠦᠭᠡᠢ ᠤᠷᠭᠠᠨᠢᠭ ᠪᠤᠭᠤᠳᠠᠢ ᠳᠠᠷᠢᠬᠰᠠᠨ ᠪᠠᠶᠢᠨ᠎ᠠ᠃ | |