ᠦᠤᠰᠢᠨ ᠬᠤᠰᠢᠭᠤ ︽ᠢᠲᠡᠭᠡᠮᠵᠢᠲᠤ ᠭᠠᠴᠠᠭ᠎ᠠ ᠲᠤᠰᠬᠤᠨ︾ ᠤ ᠪᠠᠶᠢᠭᠤᠯᠤᠯᠲᠠ ᠶᠢ ᠬᠦᠨᠵᠡᠭᠡᠶᠢᠷᠡᠬᠦᠯᠵᠦ  ᠪᠤᠢ
ᠨᠡᠶᠢᠲᠡᠯᠡᠭᠰᠡᠨ ᠴᠠᠭ᠄
2020-08-10
    ᠤᠶᠢᠷ᠎ᠠ ᠶᠢᠨ ᠵᠢᠯ ᠠᠴᠠ ᠦᠤᠰᠢᠨ ᠬᠤᠰᠢᠭᠤ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠬᠦᠳᠡᠭᠡ ᠲᠤᠰᠬᠤᠨ ᠤ ᠢᠳᠡᠬᠡᠮᠵᠢ ᠶᠢᠨ ᠬᠤᠯᠪᠤᠭᠠᠳᠤ ᠬᠤᠷᠰᠢᠶ᠎ᠠ᠂ ᠬᠦᠳᠡᠭᠡ ᠲᠤᠰᠬᠤᠨ ᠢ ᠬᠦᠭᠵᠢᠬᠦᠯᠬᠦ ᠠᠵᠢᠯ ᠳᠤ ᠰᠠᠶᠢᠨ ᠰᠠᠶᠢᠬᠠᠨ ᠣᠷᠴᠢᠨ ᠠᠬᠤᠢ ᠶᠢ ᠪᠦᠷᠢᠯᠳᠦᠬᠦᠯᠵᠦ᠂ ᠦᠢᠯᠡᠴᠢᠯᠡᠭᠡ ᠪᠠᠨ ᠤᠯᠠᠮ ᠰᠢᠯᠢᠳᠡᠭᠵᠢᠬᠦᠯᠬᠦ ᠶᠢᠨ ᠡᠬᠦᠳᠡᠨ ᠠᠴᠠ ᠪᠦᠬᠦ ᠬᠤᠰᠢᠭᠤᠨ ᠤ ︽ᠢᠳᠡᠬᠡᠮᠵᠢᠳᠦ ᠭᠠᠴᠠᠭ᠎ᠠ ᠲᠤᠰᠬᠤᠨ︾ ᠤ ᠪᠠᠶᠢᠭᠤᠯᠤᠯᠳᠠ ᠶᠢᠨ ᠠᠵᠢᠯ ᠢ ᠢᠳᠡᠪᠬᠢᠳᠠᠢ ᠬᠦᠨᠵᠡᠭᠡᠶᠢᠷᠡᠬᠦᠯᠦᠭᠰᠡᠨ ᠪᠠᠶᠢᠨ᠎ᠠ᠃      ᠤᠶᠢᠷ᠎ᠠ ᠶᠢᠨ ᠡᠳᠦᠷ᠂ ᠦᠤᠰᠢᠨ ᠬᠤᠰᠢᠭᠤᠨ ᠤ ᠲᠤᠭ ᠪᠠᠯᠭᠠᠰᠤᠨ ᠤ ᠲᠤᠭᠤᠯᠳᠠᠢ ᠭᠠᠴᠠᠭ᠋ ᠎ᠠ ᠶᠢ ᠬᠠᠪᠰᠤᠷᠤᠨ ᠲᠡᠳᠬᠦᠵᠦ ᠪᠠᠶᠢᠭ᠎ᠠ ᠠᠷᠠᠳ ᠤᠨ ᠪᠠᠩᠬᠢ ᠶᠢᠨ ᠦᠤᠰᠢᠨ ᠬᠤᠰᠢᠭᠤᠨ ᠤ ᠰᠠᠯᠪᠤᠷᠢ ᠪᠠᠩᠬᠢ ᠨᠢ ᠲᠠᠷᠢᠶᠠᠯᠠᠩ ᠤᠨ ᠪᠠᠩᠬᠢ ᠲᠠᠢ ᠬᠠᠮᠲᠤᠷᠠᠨ ᠲᠤᠭᠤᠯᠳᠠᠢ ᠭᠠᠴᠠᠭᠠᠨ ᠤ ᠮᠠᠯᠴᠢᠨ ᠤᠶᠤᠨᠲᠤᠶᠠᠭ᠎ᠠ ᠶᠢᠨ ᠬᠢᠨ ᠳᠤ ᠢᠲᠡᠭᠡᠮᠵᠢᠲᠤ ᠡᠷᠦᠬᠡ ᠶᠢᠨ ᠫᠠᠶᠢᠰᠠ ᠶᠢ ᠤᠯᠭᠤᠬᠰᠠᠨ ᠪᠦᠭᠡᠳ 30 ᠲᠦᠮᠡᠨ ᠲᠥᠭᠦᠷᠢᠭ ᠤᠨ ᠵᠢᠭᠡᠯᠡᠯᠬᠡ ᠲᠠᠯᠪᠢᠵᠦ᠂ ᠲᠠᠷᠢᠵᠤ ᠲᠡᠵᠢᠬᠡᠬᠦ ᠲᠤᠮᠤ ᠡᠷᠦᠬᠡ ᠮᠦᠷᠲᠡᠭᠡᠨ ᠲᠠᠷᠢᠵᠤ ᠲᠡᠵᠢᠬᠡᠬᠦ ᠲᠤᠰᠬᠠᠢ ᠬᠤᠷᠰᠢᠶᠠᠵᠢᠯ ᠪᠠᠶᠢᠭᠤᠯᠤᠭᠰᠠᠨ ᠡᠳᠠᠠ ᠤ ᠬᠢᠨ ᠤ ᠮᠠᠯ ᠲᠠᠷᠢᠶᠠᠯᠠᠩ ᠢᠶᠠᠨ ᠬᠦᠭᠵᠢᠬᠦᠯᠬᠦ ᠳᠤᠨᠢ ᠶᠡᠬᠡᠬᠡᠨ ᠳᠤᠰᠠ ᠪᠤᠯᠤᠬᠰᠠᠨ ᠪᠠᠶᠢᠨ᠎ᠠ᠃ ᠮᠠᠯᠴᠢᠨ ᠤᠶᠤᠨᠲᠤᠶᠠᠭ᠎ᠠ ᠲᠠᠢ ᠠᠳᠠᠯᠢ ᠪᠠᠷ ᠡᠳᠦᠬᠡ ᠮᠠᠯᠴᠢᠳ ᠵᠢᠬᠡᠯᠡᠯᠬᠡ ᠠᠪᠬᠤ ᠳᠤ ᠭᠠᠷ ᠬᠦᠢᠴᠡᠳᠬᠡᠯ ᠨᠢ ᠲᠦᠬᠦᠮ ᠪᠤᠯᠤᠭᠰᠠᠨ ᠮᠦᠷᠲᠡᠭᠡᠨ ᠵᠢᠬᠡᠯᠡᠯᠬᠡ ᠶᠢᠨ ᠬᠦᠤ ᠮᠥᠩᠬᠦ ᠨᠢ ᠲᠤᠤᠷ᠎ᠠ᠂ ᠲᠦᠯᠦᠬᠦ ᠬᠤᠭᠤᠴᠠᠭ᠎ᠠ ᠨᠢ ᠣᠷᠳᠤ᠂ ᠦᠪᠡᠷ ᠲᠡᠭᠡᠨ ᠵᠢᠬᠡᠯᠡᠯᠬᠡ ᠶᠢᠨ ᠬᠤᠭᠤᠴᠠᠭ᠎ᠠ ᠶᠢ ᠲᠤᠭᠳᠠᠭᠠᠬᠤ ᠵᠡᠷᠭᠡ ᠣᠯᠠᠨ ᠠᠷᠪᠢᠨ ᠬᠠᠷᠠᠭᠠᠯᠵᠠᠯ ᠢ ᠬᠦᠷᠲᠡᠳᠡᠭ ᠪᠤᠯᠤᠬᠰᠨᠨ ᠪᠠᠶᠢᠨ᠎ᠠ᠃     ᠤᠳᠤᠬᠠᠨ ᠪᠣᠯᠲᠠᠯ᠎ᠠ᠂ ᠦᠤᠰᠢᠨ ᠬᠤᠰᠢᠭᠤᠨ ᠳᠤ ᠨᠡᠶᠢᠲᠡ 15 ᠭᠠᠴᠠᠭ᠎ᠠ ᠲᠣᠰᠬᠤᠨ ︽ᠢᠲᠡᠭᠡᠮᠵᠢᠲᠦ ᠭᠠᠴᠠᠭ᠎ᠠ ᠲᠣᠰᠬᠤᠨ︾ ᠢᠶᠠᠷ ᠦᠨᠡᠯᠡᠭᠳᠡᠭᠰᠡᠨ ᠪᠠᠶᠢᠨ᠎ᠠ᠃ ᠦᠤᠰᠢᠨ ᠬᠤᠰᠢᠭᠤ ︽ᠢᠲᠡᠭᠡᠮᠵᠢᠲᠤ ᠭᠠᠴᠠᠭ᠎ᠠ ᠲᠣᠰᠬᠤᠨ︾ ᠢ ᠪᠠᠶᠢᠭᠤᠯᠬᠤ ᠪᠠᠷ ᠳᠠᠮᠵᠢᠭᠤᠯᠤᠨ ᠥᠷᠭᠡᠨ ᠣᠯᠠᠨ ᠮᠠᠯᠴᠢᠨ ᠲᠠᠷᠢᠶᠠᠴᠢᠨ ᠤ ᠦᠨᠡᠨᠴᠢ ᠢᠲᠡᠭᠡᠮᠵᠢ ᠶᠢᠨ ᠤᠬᠠᠮᠰᠠᠷ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠰᠠᠶᠢᠨ ᠰᠠᠶᠢᠬᠠᠨ ᠣᠷᠴᠢᠨ ᠠᠬᠤᠢ ᠶᠢ ᠪᠤᠢ ᠪᠣᠯᠭᠠᠨ᠂ ᠬᠥᠳᠡᠭᠡ ᠲᠣᠰᠬᠤᠨ ᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠠᠬᠢᠭᠤᠯᠵᠤ᠂ ᠦᠨᠡᠨᠴᠢ ᠢᠲᠡᠭᠡᠮᠵᠢᠲᠡᠢ ᠨᠡᠶᠢᠭᠡᠮ ᠢ ᠬᠦᠴᠦᠯᠡᠨ ᠪᠠᠶᠢᠭᠤᠯᠤᠬᠰᠠᠨ ᠪᠠᠶᠢᠨ᠎ᠠ᠃
 
ᠢᠷᠡᠯᠲᠡ᠄ ᠣᠷᠳᠣᠰ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号