8 ᠰᠠᠷ᠎ᠠ ᠶᠢᠨ 3 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ | ᠹᠸᠢ ᠯᠦ ᠬᠤᠰᠢᠭᠤ ᠠᠷᠠᠳ ᠤᠨ ᠵᠠᠰᠠᠭ ᠤᠨ ᠣᠷᠳᠣᠨ ᠤ 2020 ᠣᠨ ᠤ 11 ᠳ᠋ᠤᠭᠡᠷ ᠤᠳᠠᠭᠠᠨ ᠤ ᠪᠠᠶᠢᠩᠭᠤ ᠶᠢᠨ | ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ | ᠳᠠᠷᠤᠭ᠎ᠠ ᠵᠤᠤ ᠹᠸᠢ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ | ᠵᠠᠩ ᡁᠢ ᠰᠢᠦ᠋ᠩ᠂ ᠠᠭᠤᠯᠠ᠂ ᠯᠢᠨ ᠶᠦᠩ ᠭᠠᠩ᠂ ᠬᠤᠰᠢᠭᠤ ᠳᠡᠳ᠋ ᠳᠠᠷᠤᠭ᠎ᠠ ᠭᠤᠤ ᠬᠤ᠋᠂ ᠬᠤᠰᠢᠭᠤ ᠳᠡᠳ᠋ | ᠳᠠᠷᠤᠭ᠎ᠠ ᠵᠧᠤ ᠱᠤᠸᠠᠢ᠂ ᠪᠠᠶᠠᠨᠴᠡᠩᠭᠡᠯ ᠪᠤᠯᠤᠨ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ᠂ ᠲᠤᠭ᠎ᠠ ᠪᠥᠷᠢᠳᠭᠡᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠢᠴᠢ | ᠡᠯ᠎ᠡ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠳᠠᠨ ᠬᠤᠷᠠᠯ ᠳᠤ ᠣᠷᠣᠯᠴᠠᠵᠠᠶ᠃ | | | | | | | ᠬᠤᠷᠠᠯ ᠠᠴᠠ ︽ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠡᠭᠦᠷᠡᠰᠦᠨ ᠤ ᠡᠬᠢ | ᠪᠠᠶᠠᠯᠢᠭ ᠤᠨ ᠭᠥᠷᠢᠶᠠᠨ ᠳᠠᠬᠢ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠪᠠ | ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠰᠦᠯ︾ | ᠢ ᠬᠢᠨᠠᠨ ᠵᠥᠪᠯᠡᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠨᠡᠭᠦᠷᠡᠰᠦᠨ ᠤ | ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠠᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠲᠤᠰᠬᠠᠶ ᠲᠥᠷᠤᠯ ᠢᠶᠠᠷ ᠴᠡᠭᠴᠡᠯᠡᠨ ᠵᠠᠰᠠᠬᠤ ᠠᠵᠢᠯ ᠢ ᠠᠭᠢᠭᠤᠯᠬᠤ | ᠭᠡᠷᠡᠭᠳᠠᠢ᠃ ᠴᠡᠭᠴᠡᠯᠡᠨ ᠰᠠᠶᠢᠵᠢᠷᠠᠭᠤᠯᠬᠤ ᠲᠥᠰᠦᠯ ᠢ ᠨᠠᠷᠢᠯᠢᠭᠵᠢᠭᠤᠯᠵᠤ ᠲᠡᠭᠡᠳᠤ ᠱᠠᠲᠤᠨ ᠤ ᠬᠤᠯᠪᠣᠭᠳᠠᠯ ᠪᠦᠬᠦᠢ | ᠠᠵᠢᠯ ᠤᠨ ᠱᠠᠭᠠᠷᠳᠠᠯᠭ᠎ᠠ ᠲᠠᠢ ᠭᠦᠢᠴᠡᠳ ᠤᠶᠠᠯᠳᠤᠭᠤᠯᠤᠨ ᠮᠠᠨ ᠤ ᠬᠤᠰᠢᠭᠤᠨ ᠤ ᠠᠵᠢᠯ ᠤᠨ ᠪᠣᠳᠠᠲᠤ | ᠪᠠᠶᠢᠳᠠᠯ ᠳᠤ ᠰᠠᠭᠤᠷᠢᠯᠠᠵᠤ ᠬᠠᠨᠳᠤᠯᠭᠠᠲᠤ ᠴᠢᠨᠠᠷ ᠢᠶᠠᠷ ᠴᠢᠩᠭ᠎ᠠ᠂ ᠬᠡᠷᠡᠭᠵᠢᠬᠦᠯᠵᠤ ᠪᠤᠯᠬᠤᠶᠢᠴᠠ ᠪᠣᠳᠠᠲᠠᠢ ᠴᠡᠭᠴᠡᠯᠡᠨ | ᠰᠠᠶᠢᠵᠢᠷᠠᠭᠤᠯᠬᠤ ᠲᠥᠰᠦᠯ ᠢ ᠰᠤᠳᠤᠯᠤᠨ ᠲᠤᠭᠳᠠᠭᠠᠬᠤ ᠭᠡᠷᠡᠭᠳᠠᠢ᠃ ᠲᠣᠭᠤᠷᠢᠨ ᠪᠠᠶᠢᠴᠠᠭᠠᠵᠤ ᠬᠠᠷᠢᠭᠤ | ᠲᠤᠰᠬᠠᠭᠰᠠᠨ ᠡᠯ᠎ᠡ ᠲᠥᠷᠥᠯ ᠤᠨ ᠠᠰᠠᠭᠤᠳᠠᠯ ᠳᠤ ᠴᠢᠭᠯᠡᠭᠦᠯᠤᠨ ᠵᠥᠢᠯ ᠳᠠᠷᠠᠭᠠᠯᠠᠨ ᠡᠮᠬᠢᠯᠡᠵᠦ᠂ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠡᠬᠢᠯᠡᠭᠦᠯᠤᠨ ᠰᠠᠯᠠᠭ᠎ᠠ ᠮᠥᠴᠢᠷ ᠬᠠᠷᠢᠯᠴᠠᠨ ᠬᠠᠮᠵᠢᠯᠴᠠᠵᠤ ᠠᠰᠠᠭᠤᠳᠠᠯ ᠨᠢᠭᠡᠪᠦᠷᠢ ᠶᠢ | ᠴᠥᠮ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠵᠣ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ | ᠭᠡᠵᠡᠢ᠃ | ᠬᠤᠷᠠᠯ ᠠᠴᠠ ᠱᠠᠨ ᠰᠢ ᠶᠢᠨ ᠺᠤᠸᠠᠢ ᠴᠧᠩ ᠪᠠᠷᠠᠭᠠᠨ ᠭᠥᠢᠯᠭᠡᠭᠡᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠭᠢᠵᠠᠭᠠᠷᠳᠤ ᠺᠣᠮᠫᠠᠨᠢ ᠶᠢ ᠣᠷᠣᠭᠤᠯᠤᠨ ᠠᠪᠴᠢᠷᠠᠵᠤ ᠦᠤᠰᠢᠨ ᠬᠤᠰᠢᠭᠤᠨ ᠤ ᠪᠠᠷᠠᠭᠠᠨ ᠭᠥᠢᠯᠭᠡᠭᠡᠨ ᠤ | ᠦᠢᠯᠡᠴᠢᠯᠡᠭᠡᠨ ᠤ ᠲᠠᠪᠴᠠᠩᠢ ᠪᠠᠶᠢᠭᠤᠯᠬᠤ ᠲᠤᠬᠠᠶ ᠬᠡᠷᠡᠭ ᠤᠴᠢᠷ ᠢ ᠰᠤᠳᠤᠯᠪᠠ᠃ ᠬᠤᠷᠠᠯ ᠠᠴᠠ ᠵᠢᠭᠠᠵᠤ | ᠭᠠᠷᠭᠠᠭᠰᠠᠨ ᠨᠢ᠂ ᠤᠶᠤᠨᠴᠢᠯᠠᠭᠰᠠᠨ ᠡᠳ᠋ ᠪᠠᠷᠠᠭ᠎ᠠ ᠶᠢᠨ ᠭᠥᠢᠯᠭᠡᠭᠡᠨ ᠤ ᠮᠡᠳᠡᠭᠡ ᠵᠠᠩᠭᠢ ᠶᠢᠨ ᠥᠢᠯᠡᠴᠢᠯᠡᠭᠡᠨ ᠤ | ᠲᠠᠪᠴᠠᠩ ᠤᠨ ᠪᠠᠶᠢᠭᠤᠯᠤᠯᠲᠠ ᠨᠢ ᠣᠳᠣ ᠦᠶ᠎ᠡ ᠶᠢᠨ ᠪᠠᠷᠠᠭᠠᠨ ᠭᠥᠢᠯᠭᠡᠭᠡᠨ ᠤ ᠠᠵᠤ ᠥᠢᠯᠡᠰ ᠤᠨ ᠭᠥᠭᠵᠢᠯᠳᠠ ᠶᠢ | ᠠᠭᠢᠭᠤᠯᠤᠨ ᠲᠤᠭᠳᠠᠭᠤᠨ ᠬᠠᠩᠭᠠᠯᠭ᠎ᠠ ᠶᠢᠨ ᠬᠤᠯᠪᠤᠭᠠᠳᠤ ᠲᠤᠭᠳᠠᠯᠴᠠᠭ᠎ᠠ ᠶᠢ ᠪᠠᠶᠢᠭᠤᠯᠵᠤ ᠮᠠᠨ ᠤ ᠬᠤᠰᠢᠭᠤᠨ ᠤ | ᠨᠡᠭᠦᠷᠡᠰᠦ ᠬᠢᠮᠢ ᠶᠢᠨ ᠠᠵᠤ ᠥᠢᠯᠡᠳᠪᠤᠷᠢ ᠶᠢᠨ ᠦᠢᠯᠡᠳᠬᠦᠨ ᠢ ᠭᠠᠳᠠᠭᠰᠢ ᠲᠡᠭᠡᠭᠡᠪᠤᠷᠢᠯᠠᠭᠦ ᠶᠢ ᠲᠠᠮᠵᠢᠨ ᠣᠷᠣᠨ | ᠨᠤᠲᠤᠭ ᠤᠨ ᠪᠠᠷᠠᠭᠠᠨ ᠭᠦᠢᠯᠭᠡᠭᠡᠨ ᠤ ᠬᠥᠭᠵᠢᠯᠲᠡ ᠶᠢ ᠳᠠᠶᠢᠴᠢᠯᠠᠬᠤ ᠳᠤ ᠨᠠᠩ ᠠᠰᠢᠭᠲᠠᠢ ᠶᠤᠮ᠃ ᠬᠤᠷᠠᠯ ᠳᠤ | ᠣᠷᠣᠯᠴᠠᠭᠰᠠᠳ ᠥᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠭᠢᠭᠤᠯᠬᠤ ᠶᠢ ᠪᠦᠬᠦ ᠬᠦᠴᠦᠨ ᠢᠶᠠᠷ ᠢᠶᠠᠨ | ᠳᠠᠮᠵᠢᠵᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠭᠢᠭᠤᠯᠬᠤ ᠭᠡᠷᠡᠭᠳᠠᠢ ᠭᠡᠵᠡᠢ᠃ | ᠬᠤᠷᠠᠯ ᠠᠴᠠ ︽ᠠᠷᠪᠠᠨ ᠭᠤᠷᠪᠠᠳᠤᠭᠠᠷ ᠬᠤᠭᠤᠴᠠᠭᠠᠨ ᠤ ᠤᠷᠳᠤᠰ ᠮᠤᠩᠭᠤᠯᠴᠤᠳ ᠤᠨ ᠶᠤᠰᠤ ᠰᠤᠷᠲᠠᠬᠤᠨ | ᠵᠠᠩ ᠦᠢᠯᠡ ᠵᠢᠭᠤᠯᠴᠢᠯᠠᠯ ᠤᠨ ᠨᠠᠶᠢᠷ ᠵᠢᠴᠢ ᠠᠷᠪᠠᠨ ᠳᠥᠷᠪᠡᠳᠦᠭᠡᠷ ᠬᠤᠭᠤᠴᠠᠭᠠᠨ ᠤ ᠴᠠᠭᠠᠨ ᠰᠦᠯᠳᠡ | ᠨᠠᠭᠠᠳᠤᠮ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠪᠡ᠃ ᠬᠤᠷᠠᠯ ᠠᠴᠠ | ᠴᠢᠬᠤᠯᠠᠴᠢᠯᠠᠭᠰᠠᠨ ᠨᠢ᠂ ᠡᠯ᠎ᠡ ᠭᠠᠵᠠᠷ ᠤᠷᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠷᠢᠯᠴᠠᠨ | ᠬᠠᠮᠵᠢᠯᠴᠠᠨ ᠨᠠᠷᠢᠨ ᠨᠢᠮᠪᠠᠶ ᠪᠡᠯᠡᠳᠬᠡᠵᠦ ᠬᠠᠷᠢᠭᠤᠴᠠᠯᠭ᠎ᠠ ᠪᠠᠨ ᠪᠤᠳᠠᠳᠠᠶᠢᠵᠢᠭᠤᠯᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠠᠭᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ ᠡᠯ᠎ᠡ ᠲᠥᠷᠤᠯ ᠤᠨ ᠠᠵᠢᠯ ᠤᠨ | ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠠᠷᠠᠳ ᠲᠦᠮᠡᠨ ᠢᠶᠠᠷ ᠭᠤᠣᠯ ᠪᠣᠯᠭᠠᠬᠤ ᠤᠢᠢᠯᠠᠭᠠᠭᠳᠠᠬᠤᠨ ᠢ | ᠭᠦᠢᠴᠡᠳ ᠢᠯᠡᠷᠡᠭᠦᠯᠵᠦ ᠲᠤᠰ ᠤᠳᠠᠭᠠᠨ ᠤ ᠠᠵᠢᠯᠯᠠᠭ᠎ᠠ ᠶᠢ ᠪᠦᠬᠦ ᠠᠷᠠᠳ ᠢᠶᠠᠷ ᠢᠶᠠᠨ ᠣᠷᠣᠯᠴᠠᠭᠰᠠᠨ᠂ ᠪᠦᠬᠦ | ᠠᠷᠠᠳ ᠢᠶᠠᠷ ᠢᠶᠠᠨ ᠪᠠᠶᠠᠰᠤᠯᠴᠠᠭᠰᠠᠨ ᠰᠣᠶᠣᠯ ᠤᠨ ᠠᠵᠢᠯᠯᠠᠭ᠎ᠠ ᠪᠤᠯᠭᠠᠬᠤ ᠪᠠᠷ ᠴᠢᠷᠮᠠᠶᠢᠨ ᠦᠤᠰᠢᠨ | ᠵᠢᠭᠤᠯᠴᠢᠯᠠᠯ ᠤᠨ ᠨᠠᠷᠠᠲᠤ ᠲᠡᠮᠳᠡᠭ ᠢ ᠡᠭᠦᠳᠴᠦ ᠮᠠᠨ ᠤ ᠬᠤᠰᠢᠭᠤᠨ ᠤ ᠶᠤᠰᠤ ᠰᠤᠷᠲᠠᠬᠤᠨ ᠵᠠᠩ ᠦᠢᠯᠡ᠂ | ᠦᠤᠰᠢᠨ ᠣᠨᠴᠠᠯᠢᠭᠲᠤ ᠰᠣᠶᠣᠯ ᠵᠢᠭᠤᠯᠴᠢᠯᠠᠯ ᠤᠨ ᠭᠠᠶᠢᠬᠠᠮᠰᠢᠭ ᠢ ᠭᠥᠢᠴᠡᠳ ᠢᠯᠡᠷᠡᠭᠦᠯᠬᠦ ᠬᠡᠷᠡᠭᠲᠡᠶ ᠭᠡᠵᠡᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ |