ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠴᠡᠷᠢᠭ ᠠᠴᠠ ᠬᠠᠯᠠᠭᠳᠠᠭᠰᠠᠳ ᠢ ᠪᠣᠯᠭᠤᠭᠠᠨ ᠲᠤᠬᠤᠨᠢᠭᠤᠯᠪᠠ
ᠨᠡᠶᠢᠲᠡᠯᠡᠭᠰᠡᠨ ᠴᠠᠭ᠄
2020-08-10
     8 ᠰᠠᠷ᠎ᠠ ᠶᠢᠨ 3 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠴᠡᠷᠢᠭ ᠠᠴᠠ ᠬᠠᠯᠠᠭᠳᠠᠭᠰᠠᠨ ᠵᠦ ᠶᠦᠩ ᠴᠢᠶᠠᠨ ᠪᠣᠯᠤᠨ ᠵᠦ ᠭᠤᠸᠠᠩ ᠢᠦᠶ ᠶᠢ ᠪᠣᠯᠭᠤᠭᠠᠨ ᠲᠣᠬᠤᠨᠢᠭᠤᠯᠤᠭᠰᠠᠨ ᠪᠥᠭᠡᠳ ᠥᠷᠭᠡᠨ ᠣᠯᠠᠨ ᠴᠡᠷᠢᠭ ᠠᠴᠠ ᠬᠠᠯᠠᠭᠳᠠᠭᠰᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠲᠡᠪᠰᠢᠭᠦᠯᠥᠭᠰᠠᠨ ᠪᠠᠶᠢᠨ᠎ᠠ᠃
     ᠡᠷᠦᠬᠡ ᠪᠦᠷᠢ ᠳᠤ ᠡᠷᠳᠡᠨᠢᠪᠢᠯᠢᠭ ᠴᠡᠷᠢᠭ ᠠᠴᠠ ᠬᠠᠯᠠᠭᠳᠠᠭᠰᠠᠳ ᠲᠠᠢ ᠳᠣᠲᠣᠨᠣ ᠪᠠᠷ ᠶᠠᠷᠢᠯᠴᠠᠵᠤ ᠲᠡᠳᠡᠨ ᠤ ᠠᠵᠢᠯ ᠠᠮᠢᠳᠤᠷᠠᠯ ᠪᠠ ᠡᠷᠡᠬᠦᠯ ᠮᠡᠨᠳᠦ ᠶᠢᠨ ᠪᠠᠶᠢᠳᠠᠯ ᠢ ᠨᠠᠷᠢᠨ ᠤᠶᠢᠯᠠᠭᠠᠨ ᠲᠣᠬᠤᠨᠢᠭᠤᠯᠬᠤ ᠮᠥᠩᠭᠦ ᠪᠣᠯᠤᠨ ᠲᠣᠬᠤᠨᠢᠭᠤᠯᠬᠤ ᠵᠠᠬᠢᠳᠠᠯ ᠬᠦᠷᠭᠡᠵᠦ ᠳᠡᠳᠡᠨ ᠤ ᠤᠯᠤᠰ ᠣᠷᠣᠨ ᠪᠣᠯᠤᠨ ᠴᠡᠷᠢᠭ ᠠᠩᠬᠢ ᠶᠢᠨ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃      ᠲᠤᠬᠤᠨᠢᠭᠤᠯᠭ᠎ᠠ ᠲᠤᠮᠳᠠ ᠡᠷᠳᠡᠨᠢᠪᠢᠯᠢᠭ ᠠᠴᠠ ᠵᠦ ᠶᠦᠩ ᠴᠢᠶᠠᠨ ᠨᠥᠬᠦᠷ ᠤᠨ ᠪᠦᠬᠦ ᠤᠯᠤᠰ ᠤᠨ ᠬᠤᠰᠢᠭᠤ ᠰᠢᠶᠠᠨ‌‍ᠤ ᠲᠠᠰ ᠤᠨ ᠪᠣᠯᠪᠠᠰᠤᠨ ᠬᠤᠳᠠ ᠶᠢ ᠡᠭᠦᠳᠤᠨ ᠪᠠᠶᠢᠭᠤᠯᠬᠤ ᠠᠵᠢᠯᠯᠠᠭ᠎ᠠ ᠳᠤ ᠢᠳᠡᠪᠬᠢᠲᠡᠢ ᠤᠷᠤᠯᠴᠠᠨ ᠤᠯᠠᠨ ᠲᠦᠮᠡᠨ ᠢ ᠳᠠᠶᠢᠴᠢᠯᠠᠬᠤ ᠵᠡᠷᠭᠡ ᠠᠵᠢᠯ ᠳᠤᠮᠳᠠ ᠢᠳᠡᠪᠭᠢ ᠦᠢᠯᠡᠳᠦᠯ ᠢᠶᠠᠨ ᠪᠠᠳᠠᠷᠠᠭᠤᠯᠤᠭᠰᠠᠨ ᠪᠠ ᠵᠦ ᠭᠤᠸᠠᠩ ᠢᠦᠶ ᠨᠥᠬᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠥᠳᠡᠭᠡ ᠲᠣᠰᠬᠤᠨ ᠢ ᠭᠥᠭᠵᠢᠭᠦᠯᠤᠨ ᠮᠠᠨᠳᠤᠭᠤᠯᠬᠤ ᠵᠡᠷᠭᠡ ᠠᠵᠢᠯ ᠳᠤᠮᠳᠠ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠠᠨ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ ᠶᠢᠨ ᠳᠠᠭᠠᠭᠤᠯᠤᠭᠴᠢ ᠶᠢᠨ ᠥᠢᠯᠡᠳᠤᠯ ᠢ ᠪᠠᠳᠠᠷᠠᠭᠤᠯᠵᠤ ᠦᠵᠡᠰᠬᠦᠯᠡᠩᠲᠦ ᠰᠠᠶᠢᠬᠠᠨ ᠪᠠᠶᠠᠨ ᠴᠢᠨᠡᠭᠡᠯᠢᠭ ᠰᠢᠨ᠎ᠡ ᠬᠥᠳᠡᠭᠡ ᠲᠣᠰᠬᠤᠨ ᠢ ᠲᠦᠷᠦᠭᠦᠯᠡᠨ ᠪᠥᠳᠥᠭᠡᠨ ᠪᠠᠶᠢᠭᠤᠯᠤᠭᠰᠠᠨ ᠪᠠᠶᠢᠳᠠᠯ ᠢ ᠶᠠᠷᠢᠯᠴᠠᠨ ᠤᠶᠢᠯᠠᠭᠠᠭᠰᠠᠨ ᠪᠠᠶᠢᠨ᠎ᠠ᠃
     ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠥᠷᠭᠡᠨ ᠣᠯᠠᠨ ᠴᠡᠷᠢᠭ ᠠᠴᠠ ᠬᠠᠯᠠᠭᠳᠠᠭᠰᠠᠳ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠲᠦᠷᠦᠯ ᠤᠨ ᠦᠢᠯᠡᠰ ᠲᠤ ᠢᠳᠡᠪᠬᠢᠲᠡᠢ ᠤᠷᠤᠯᠴᠠᠨ ᠡᠯ᠎ᠡ ᠭᠠᠵᠠᠷ ᠤᠷᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠴᠡᠷᠢᠭ ᠠᠴᠠ ᠬᠠᠯᠠᠭᠳᠠᠭᠰᠠᠳ ᠤᠨ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠨᠤᠰᠤᠨ ᠲᠤᠰᠢᠶᠠᠯ ᠬᠠᠷᠢᠭᠤᠴᠠᠯᠭ᠎ᠠ ᠪᠠᠨ ᠭᠥᠢᠴᠡᠳᠭᠡᠨ ᠪᠣᠳᠠᠲᠠᠶ ᠠᠰᠠᠭᠤᠳᠠᠯ ᠢ ᠰᠢᠢᠳᠪᠤᠷᠢᠯᠠᠵᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠ ᠪᠠᠲᠤᠯᠠᠭ᠎ᠠ ᠶᠢᠨ ᠠᠵᠢᠯ ᠢ ᠦᠨᠡᠨᠬᠦ ᠴᠢᠩᠭᠠᠳᠬᠠᠬᠤ ᠬᠡᠷᠡᠭᠲᠡᠢ᠃ ᠡᠭᠦᠨ ᠤ ᠬᠠᠮᠲᠤ ᠥᠷᠭᠡᠨ ᠣᠯᠠᠨ ᠴᠡᠷᠢᠭ ᠠᠴᠠ ᠬᠠᠯᠠᠭᠳᠠᠭᠰᠠᠳ ᠪᠡᠶ᠎ᠡ ᠮᠠᠬᠠᠪᠣᠳ ᠤᠨ ᠡᠷᠡᠭᠦᠯ ᠮᠠᠨᠳᠤ ᠪᠠᠨ ᠠᠩᠬᠠᠷᠤᠨ ᠴᠡᠷᠢᠭ ᠬᠥᠮᠦᠨ ᠤ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ ᠭᠡᠷ ᠤᠨ ᠰᠤᠷᠲᠠᠯ ᠢ ᠤᠯᠠᠮᠵᠢᠯᠠᠨ ᠢᠳᠡᠪᠬᠢ ᠬᠦᠴᠦᠨ ᠢ ᠪᠠᠳᠠᠷᠠᠭᠤᠯᠵᠤ ᠲᠥᠷᠥ ᠶᠢᠨ ᠪᠣᠳᠣᠯᠭ᠎ᠠ ᠶᠢ ᠰᠠᠶᠢᠲᠤᠷ ᠤᠬᠠᠭᠤᠯᠤᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠩᠭᠡᠷᠡᠭᠰᠡᠨ ᠲᠠᠢ ᠪᠠᠨ ᠠᠳᠠᠯᠢ ᠪᠠᠷ ᠲᠠᠮᠵᠢᠭᠦ ᠶᠢ ᠭᠥᠰᠡᠵᠤ ᠪᠠᠶᠢᠨ᠎ᠠ ᠭᠡᠵᠡᠢ᠃
 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号