ᠮᠠᠨ ᠤ ᠬᠤᠰᠢᠭᠤ ᠮᠤᠵᠢ ᠶᠢᠨ ᠵᠠᠮ 215 ᠱᠤᠭᠤᠮ ᠤᠨ ᠲᠥᠩᠽᠢ ᠠᠴᠠ ᠬᠠᠢ ᠽᠧ ᠫᠠᠨ ᠭᠥᠷᠭᠦ ︵ᠥᠪᠥᠷ ᠮᠣᠩᠭᠤᠯ ᠱᠠᠨᠰᠢ ᠶᠢᠨ ᠬᠡᠰᠡᠭ︶ ᠵᠠᠰᠠᠮᠠᠯ ᠵᠠᠮ ᠤᠨ ᠢᠨᠵᠧᠨᠧᠷᠢᠩ ᠤᠨ PPP ᠲᠥᠷᠥᠯ ᠵᠥᠢᠯ ᠤᠨ ᠭᠡᠷ᠎ᠡ ᠲᠣᠭᠲᠠᠬᠤ ᠶᠣᠰᠣᠯᠠᠯ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2020-08-10
     8 ᠰᠠᠷ᠎ᠠ ᠶᠢᠨ 3 ᠤ ᠡᠳᠦᠷ᠂ ᠮᠤᠵᠢ ᠶᠢᠨ ᠵᠠᠮ 215 ᠱᠤᠭᠤᠮ ᠤᠨ ᠲᠥᠩᠽᠢ ᠠᠴᠠ ᠬᠠᠢ ᠽᠧ ᠫᠠᠨ ᠭᠥᠷᠭᠦ ︵ᠥᠪᠥᠷ ᠮᠣᠩᠭᠤᠯ ᠱᠠᠨᠰᠢ ᠶᠢᠨ ᠬᠡᠰᠡᠭ ︶ ᠵᠠᠰᠠᠮᠠᠯ ᠵᠠᠮ ᠤᠨ ᠢᠨᠵᠧᠨᠧᠷᠢᠩ ᠤᠨ PPP ᠲᠥᠷᠥᠯ ᠵᠥᠢᠯ ᠤᠨ ᠭᠡᠷ᠎ᠡ ᠲᠣᠭᠲᠠᠬᠤ ᠶᠣᠰᠣᠯᠠᠯ ᠮᠠᠨ ᠤ ᠬᠤᠰᠢᠭᠤᠨ ᠳᠤ ᠶᠠᠪᠤᠭᠳᠠᠪᠠ᠃ ᠳᠤᠮᠳᠠᠳᠤ ᠤᠯᠤᠰ ᠤᠨ ᠡᠨᠧᠷᠭᠢ  ᠶᠢᠨ ᠪᠦᠲᠦᠭᠡᠨ ᠪᠠᠶᠢᠭᠤᠯᠤᠯᠲᠠ ᠶᠢᠨ ᠺᠤᠮᠫᠠᠨᠢ ᠶᠢᠨ ᠤᠮᠠᠷᠠᠲᠤ ᠶᠢᠨ ᠪᠦᠲᠦᠭᠡᠨ ᠪᠠᠶᠢᠭᠤᠯᠤᠯᠳᠠ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠵᠠᠩ ᠵᠢᠶ ᠬᠤᠸᠠ ᠵᠡᠷᠭᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠤᠯᠤᠨ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠲᠡᠳ᠋ ᠲᠠᠷᠤᠭ᠎ᠠ ᠵᠸᠤ ᠱᠤᠸᠠᠢ ᠵᠢᠴᠢ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ PPP ᠲᠥᠷᠤᠯ ᠵᠥᠢᠯ ᠤᠨ ᠠᠯᠪᠠᠨ ᠭᠡᠷ᠂ ᠵᠠᠮ ᠬᠠᠷᠢᠯᠴᠠᠭᠠᠨ  ᠤ ᠪᠡᠯᠡ ᠤᠷᠤᠭᠤᠯᠤᠯᠳᠠ ᠶᠢᠨ ᠪᠦᠯᠦᠭᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
     ᠬᠤᠷᠠᠯ ᠳᠡᠭᠡᠷ᠎ᠡ᠂ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠥᠥᠰᠢᠨ ᠬᠤᠰᠢᠭᠤᠨ ᠤ ᠪᠸᠢ ᠯᠦᠩ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠠᠤᠯᠢ ᠶᠢᠨ ᠲᠥᠯᠥᠭᠡᠯᠡᠭᠴᠢ ᠬᠡᠷᠡᠭ ᠮᠡᠳᠡᠭᠴᠢ ᠶᠢᠨ ᠳᠠᠷᠤᠭ᠎ᠠ ᠶᠠᠩ ᠬᠤᠤ ᠷᠠᠨ ᠲᠠᠢ ᠮᠤᠵᠢ ᠶᠢᠨ ᠵᠠᠮ 215 ᠱᠤᠭᠤᠮ ᠤᠨ ᠲᠥᠩᠽᠢ ᠠᠴᠠ ᠬᠠᠢ ᠽᠧ ᠫᠠᠨ ᠭᠥᠷᠭᠦ ︵ᠥᠪᠥᠷ ᠮᠣᠩᠭᠤᠯ ᠱᠠᠨᠰᠢ ᠶᠢᠨ ᠬᠡᠰᠡᠭ︶ ᠵᠠᠰᠠᠮᠠᠯ ᠵᠠᠮ ᠤᠨ ᠢᠨᠵᠧᠨᠧᠷᠢᠩ ᠤᠨ PPP ᠲᠥᠷᠥᠯ ᠵᠥᠢᠯ ᠤᠨ ᠭᠡᠷ᠎ᠡ ᠲᠣᠭᠲᠠᠪᠠ᠃
     ᠮᠤᠵᠢ ᠶᠢᠨ ᠵᠠᠮ 215 ᠱᠤᠭᠤᠮ ᠤᠨ ᠲᠥᠩᠽᠢ ᠠᠴᠠ ᠬᠠᠢ ᠽᠧ ᠫᠠᠨ ᠭᠥᠷᠭᠦ ︵ᠥᠪᠥᠷ ᠮᠣᠩᠭᠤᠯ ᠱᠠᠨᠰᠢ  ᠶᠢᠨ ᠬᠡᠰᠡᠭ︶ ᠵᠠᠰᠠᠮᠠᠯ ᠵᠠᠮ ᠤᠨ ᠲᠥᠷᠥᠯ ᠵᠥᠢᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠵᠠᠮ ᠤᠨ ᠲᠣᠤᠷ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠳᠣᠲᠣᠷᠠᠬᠢ 29 ᠵᠤᠷᠪᠤᠰ ᠤᠮᠠᠷᠠᠲᠤ ᠡᠮᠦᠨᠡᠲᠦ ᠶᠢᠨ ᠭᠤᠯᠳᠤ ᠱᠤᠭᠤᠮ ᠤᠨ ᠨᠢᠭᠡ ᠪᠣᠯᠬᠤ ᠮᠤᠵᠢ ᠶᠢᠨ ᠵᠠᠮ 215 ᠱᠤᠭᠤᠮ ᠤᠨ ᠨᠢᠭᠡ ᠬᠡᠰᠡᠭ ᠪᠣᠯᠤᠨ᠎ᠠ᠃ ᠮᠦᠨ ᠴᠦ ᠥᠪᠡᠷᠲᠡᠭᠡᠨ ᠵᠠᠰᠠᠬᠤ ᠣᠷᠣᠨ ᠠᠴᠠ ᠱᠠᠨᠰᠢ᠂ ᠨᠢᠩᠰᠢᠶᠠ ᠵᠡᠷᠭᠡ ᠪᠠᠷᠠᠭᠤᠨ ᠣᠷᠣᠨ ᠤ ᠮᠣᠵᠢ ᠣᠷᠣᠨ ᠳᠤ ᠨᠡᠪᠲᠡᠷᠡᠬᠦ ᠭᠤᠤᠯ ᠵᠠᠮ ᠤᠨ ᠨᠢᠭᠡ ᠪᠣᠯᠤᠨ᠎ᠠ᠃ ᠲᠤᠰ ᠲᠥᠷᠤᠯ ᠵᠥᠢᠯ ᠤᠨ ᠪᠦᠲᠦᠭᠡᠨ ᠪᠠᠶᠢᠭᠤᠯᠤᠯᠲᠠ ᠨᠢ ᠣᠷᠳᠣᠰ ᠬᠤᠲᠠ ᠶᠢᠨ ᠡᠮᠦᠨᠡᠲᠦ ᠬᠡᠰᠡᠭ ᠤᠨ ᠲᠡᠭᠡᠳᠤ ᠲᠡᠰ ᠤᠨ ᠵᠠᠮ ᠤᠨ ᠲᠤᠤᠷᠵᠢᠯ ᠤᠨ ᠪᠦᠲᠦᠴᠡ ᠶᠢ ᠲᠡᠭᠦᠯᠳᠡᠷᠵᠢᠭᠦᠯᠦᠨ ᠵᠠᠮ ᠳᠠᠭᠠᠤ ᠭᠠᠵᠠᠷ ᠣᠷᠣᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠲᠥᠷᠭᠡᠳᠭᠡᠨ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号