ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠦᠳᠡᠭᠡ ᠲᠤᠰᠬᠤᠨ ᠢ ᠬᠦᠭᠵᠢᠭᠦᠯᠤᠨ ᠮᠠᠨᠳᠤᠭᠤᠯᠬᠤ ᠠᠵᠢᠯ ᠤᠨ ᠠᠬᠢᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-08-10
     8 ᠰᠠᠷ᠎ᠠ ᠶᠢᠨ 4 ᠤ ᠡᠳᠦᠷ᠂ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠦᠳᠡᠭᠡ ᠲᠤᠰᠬᠤᠨ ᠢ ᠬᠦᠭᠵᠢᠭᠦᠯᠤᠨ ᠮᠠᠨᠳᠤᠭᠤᠯᠬᠤ ᠠᠵᠢᠯ ᠤᠨ ᠠᠬᠢᠭᠤᠯᠤᠯᠲᠠ ᠶᠢᠨ ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠦᠪ ᠲᠤ ᠬᠤᠷᠠᠯᠳᠣᠪᠠ᠃ ᠬᠤᠲᠠ ᠶᠢᠨ ᠣᠯᠣᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠳᠠᠭᠠᠭᠠᠴᠢᠯᠠᠨ ᠬᠠᠷᠢᠯᠴᠠᠵᠤ ᠬᠢᠨᠠᠨ ᠵᠢᠯᠣᠭᠤᠳᠬᠤ ᠲᠤᠭᠤᠶᠢᠯᠠᠩ ᠤᠨ ᠳᠠᠷᠤᠭ᠎ᠠ ᠮᠠ᠊ ᠭᠠᠷᠤᠳᠢ᠂ ᠬᠤᠲᠠ ᠶᠢᠨ ᠲᠠᠭᠠᠭᠠᠴᠢᠯᠠᠨ ᠬᠠᠷᠢᠯᠴᠠᠵᠤ ᠬᠢᠨᠠᠨ ᠵᠢᠯᠤᠭᠤᠳᠬᠤ ᠳᠤᠭᠤᠶᠢᠯᠠᠩ᠂ ᠠᠵᠢᠯᠯᠠᠬᠤ ᠠᠩᠭᠢ  ᠶᠢᠨ ᠪᠥᠭᠦ ᠬᠡᠰᠢᠬᠦᠨ ᠪᠤᠯᠤᠨ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ ᠬᠤᠰᠢᠭᠤ ᠲᠡᠳ᠋ ᠳᠠᠷᠤᠭ᠎ᠠ ᠯᠢᠨ ᠶᠦᠩ ᠭᠠᠩ᠂ ᠬᠤᠰᠢᠭᠤ ᠤᠳᠤᠷᠢᠳᠤᠯᠭ᠎ᠠ ᠪᠠᠶᠠᠨᠴᠡᠩᠬᠡᠯ ᠵᠢᠴᠢ ᠡᠯ᠎ᠡ ᠰᠣᠮᠣ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠥᠭᠦᠢ ᠰᠠᠯᠠᠭ᠎ᠠ ᠮᠦᠴᠢᠷ  ᠤᠨ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃
     ᠬᠤᠷᠠᠯ ᠠᠴᠠ ᠡᠯ᠎ᠡ ᠰᠤᠮᠤ ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠦᠳᠡᠭᠡ ᠲᠤᠰᠬᠤᠨ ᠢ ᠬᠦᠭᠵᠢᠭᠦᠯᠤᠨ ᠮᠠᠨᠳᠤᠭᠤᠯᠬᠤ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠪᠠᠶᠠᠨᠴᠡᠩᠬᠡᠯ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠬᠠᠷᠢᠭᠤ ᠮᠡᠳᠡᠭᠦᠯᠦᠯᠲᠡ ᠬᠢᠵᠤ ᠬᠤᠲᠠ ᠶᠢᠨ ᠲᠠᠭᠠᠭᠠᠴᠢᠯᠠᠨ ᠬᠠᠷᠢᠯᠴᠠᠵᠤ ᠬᠢᠨᠠᠨ ᠵᠢᠯᠤᠭᠤᠳᠬᠤ ᠳᠤᠭᠤᠶᠢᠯᠠᠩ ᠵᠢᠴᠢ ᠠᠵᠢᠯᠯᠠᠬᠤ ᠠᠩᠭᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠤᠶᠢᠷ᠎ᠡ ᠶᠢᠨ ᠡᠳᠦᠷ ᠤᠨ ᠱᠠᠭᠠᠷᠳᠠᠨ ᠪᠠᠶᠢᠴᠠᠭᠠᠯᠳᠠ ᠠᠴᠠ ᠢᠯᠠᠷᠠᠭᠦᠯᠥᠭᠰᠠᠨ ᠠᠰᠠᠭᠤᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃
     ᠮᠠ᠊ ᠭᠠᠷᠤᠳᠢ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠣᠭᠠᠨ ᠤ ᠢᠯᠠᠯᠲᠠ ᠶᠢ ᠣᠯᠬᠤ ᠶᠢ ᠨᠢᠭᠡ ᠲᠥᠷᠤᠯ ᠤᠨ ᠴᠢᠬᠤᠯᠠ ᠣᠯᠣᠰ ᠲᠦᠷᠦ ᠶᠢᠨ ᠡᠭᠦᠷᠭᠡ ᠪᠠ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠭᠠᠵᠤ ᠠᠷᠠᠳ ᠲᠥᠮᠡᠨ ᠢᠶᠠᠷ ᠭᠤᠤᠯ ᠪᠤᠯᠭᠠᠭᠰᠠᠨ ᠬᠦᠭᠵᠢᠯᠲᠡ ᠶᠢᠨ ᠥᠵᠠᠯ ᠰᠠᠨᠠᠭ᠎ᠠ ᠢ ᠪᠤᠢ ᠪᠤᠯᠭᠠᠨ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠪᠠᠶᠢᠯᠳᠤᠬᠤ ᠪᠤᠳᠤᠯᠭ᠎ᠠ  ᠶᠢ ᠨᠠᠶᠢᠳᠠᠪᠤᠷᠢᠵᠢᠭᠤᠯᠵᠤ ᠶᠠᠳᠠᠭᠤ ᠠᠴᠠ ᠠᠩᠭᠢᠵᠢᠷᠠᠭᠤᠯᠬᠤ ᠠᠵᠢᠯ ᠨᠢ ᠪᠤᠳᠠᠳᠠᠢ᠂ ᠶᠠᠪᠤᠴᠠ ᠨᠢ ᠪᠠᠲᠤᠲᠠᠢ᠂ ᠦᠷ᠎ᠡ ᠳ᠋ᠦᠩ ᠨᠢ ᠦᠨᠡᠨ ᠪᠠᠶᠢᠬᠤ ᠶᠢ ᠪᠠᠳᠤᠯᠠᠬᠤ ᠬᠡᠷᠡᠭᠲᠡᠢ᠃ ᠠᠰᠠᠭᠤᠳᠠᠯ ᠢ ᠢᠯᠡᠷᠡᠭᠦᠯᠬᠦ ᠪᠠ ᠴᠡᠭᠴᠡᠯᠡᠨ ᠰᠠᠶᠢᠵᠢᠷᠠᠭᠤᠯᠬᠤ  ᠶᠢ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠰᠢᠢᠳᠪᠤᠷᠢᠲᠤ ᠢᠯᠠᠯᠲᠠ ᠶᠢ ᠣᠯᠬᠤ ᠭᠠᠷᠳᠠᠴᠠ ᠪᠤᠯᠭᠠᠨ ᠦᠵᠡᠯ ᠰᠠᠨᠠᠭ᠎ᠠ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠤ ᠶᠠᠳᠠᠭᠤ ᠶᠢ ᠳᠡᠳᠭᠦᠭᠦ ᠣᠨᠴᠠᠯᠢᠭᠲᠤ ᠠᠵᠤ ᠦᠢᠯᠡᠰ ᠢ ᠪᠤᠵᠠᠭᠠᠶᠢᠷᠠᠭᠤᠯᠤᠨ ᠲᠤᠬᠠᠢ ᠶᠢᠨ ᠭᠠᠵᠠᠷ ᠤᠷᠤᠨ ᠳᠤ ᠨᠢ ᠲᠤᠭᠢᠷᠠᠭᠰᠠᠨ ᠠᠵᠤ ᠦᠢᠯᠡᠰ ᠢᠶᠠᠷ ᠶᠠᠳᠠᠭᠤ  ᠶᠢ ᠳᠡᠳᠭᠦᠭᠦ ᠰᠢᠨ᠎ᠠ ᠬᠡᠪ ᠵᠠᠭᠪᠤᠷ ᠢ ᠡᠭᠦᠳᠴᠤ ᠶᠠᠳᠠᠭᠤ ᠬᠦᠴᠢᠷᠳᠡᠯᠲᠡᠢ ᠬᠦᠮᠤᠨ ᠠᠮᠠ ᠶᠢᠨ ᠲᠤᠭᠳᠠᠪᠤᠷᠢᠲᠠᠢ ᠠᠰᠢᠭ ᠣᠷᠣᠯᠭ᠎ᠠ ᠣᠯᠬᠤ ᠶᠢ ᠪᠠᠲᠤᠯᠠᠬᠤ ᠬᠡᠷᠡᠭᠲᠡᠢ᠃ ᠡᠪᠡᠳᠴᠢᠨ ᠠᠴᠠ ᠪᠤᠯᠵᠤ ᠶᠠᠳᠠᠭᠤᠷᠠᠬᠤ᠂ ᠲᠠᠬᠢᠨ ᠶᠠᠳᠠᠭᠤᠷᠠᠬᠤ ᠠᠰᠠᠭᠤᠳᠠᠯ ᠢ ᠰᠢᠢᠳᠪᠤᠷᠢᠯᠡᠬᠦ ᠤᠷᠲᠦ ᠬᠤᠭᠤᠴᠠᠭᠠᠨ ᠤ ᠪᠦᠲᠤᠮᠵᠢᠲᠠᠢ ᠲᠤᠭᠲᠠᠴᠠ ᠶᠢ ᠪᠠᠶᠢᠭᠤᠯᠵᠤ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠶᠢᠯᠠᠯᠲᠤᠭᠠᠨ ᠤ ᠢᠯᠠᠯᠲᠠ ᠤᠯᠬᠤ ᠢᠲᠡᠭᠡᠯ ᠵᠤᠷᠢᠭ  ᠢᠶᠠᠨ ᠪᠠᠳᠤᠳᠬᠠᠬᠤ ᠬᠡᠷᠡᠭᠲᠡᠢ ᠭᠡᠵᠡᠢ᠃
     ᠮᠠ᠊ ᠭᠠᠷᠤᠳᠢ ᠴᠢᠬᠤᠯᠠᠴᠢᠯᠠᠭᠰᠠᠨ ᠨᠢ᠂ ᠭᠡᠨᠡᠳᠲᠡ ᠡᠭᠦᠰᠦᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ  ᠤᠨ ᠬᠢᠵᠢᠭ ᠤᠨ ᠪᠠᠶᠢᠳᠠᠯ ᠨᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠠᠰᠢᠭ ᠦᠭᠡᠢ ᠨᠦᠯᠤᠭᠡ ᠦᠵᠡᠭᠦᠯᠵᠡᠢ᠃ ᠡᠯ᠎ᠡ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ ᠺᠠᠳ᠋ᠷᠴᠣᠳ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠪᠠ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠡᠭᠦᠷᠭᠡ ᠶᠢ ᠡᠭᠦᠷᠭᠡᠯᠡᠵᠤ ᠦᠨᠳᠤᠰᠤᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ  ᠶᠢᠨ ᠦᠢᠯᠡᠳᠤᠯ ᠪᠤᠯᠤᠨ ᠨᠠᠮ ᠤᠨ ᠬᠡᠰᠢᠭᠦᠨ ᠤ ᠬᠤᠰᠢᠭᠤᠴᠢ ᠵᠢᠱᠢᠶᠡᠴᠢ ᠦᠢᠯᠡᠳᠤᠯ ᠢᠶᠠᠨ ᠭᠦᠢᠴᠡᠳ ᠪᠠᠳᠠᠷᠠᠭᠤᠯᠵᠤ ᠬᠢᠵᠢᠭ ᠤᠨ ᠪᠠᠶᠢᠳᠠᠯ ᠢ ᠰᠠᠷᠭᠡᠶᠢᠯᠠᠨ ᠡᠵᠡᠮᠳᠠᠭᠦ ᠶᠢᠨ ᠬᠠᠮᠳᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠰᠠᠶᠢᠳᠤᠷ ᠠᠳᠬᠤᠬᠤ ᠬᠡᠷᠡᠭᠲᠡᠢ ᠭᠡᠵᠡᠢ᠃      ᠡᠷᠳᠡᠨᠢᠪᠢᠯᠢᠭ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠯᠠᠷᠠᠭᠤᠯᠤᠯ ᠦᠭᠡᠢ ᠴᠢᠩᠭ᠎ᠠ ᠠᠳᠬᠤᠨ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠷᠢᠨᠰᠢᠭᠦᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠢᠯᠠᠯᠳᠠ ᠶᠢ ᠤᠯᠬᠤ ᠭᠡᠷᠡᠭᠳᠠᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠪᠠᠳᠤᠳᠬᠠᠵᠤ ᠲᠠᠬᠢᠨ ᠶᠠᠳᠠᠭᠤᠷᠠᠬᠤ ᠪᠠ ᠰᠢᠨ᠎ᠡ ᠪᠠᠷ ᠶᠠᠳᠠᠭᠤᠷᠠᠬᠤ ᠠᠴᠠ ᠰᠡᠷᠭᠡᠶᠢᠯᠡᠬᠦ ᠬᠡᠷᠡᠭᠲᠡᠢ᠃ ︽ᠠᠷᠪᠠᠨ ᠳᠦᠷᠪᠡᠳᠤᠭᠡᠷ ᠲᠠᠪᠤᠨ ᠵᠢᠯ︾ ᠤᠨ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠤᠭᠡᠯ ᠢ ᠪᠠᠬᠢᠵᠢᠭᠦᠯᠬᠦ ᠠᠷᠭ᠎ᠠ ᠪᠤᠳᠤᠯᠭ᠎ᠠ ᠤᠨ ᠲᠦᠯᠦᠪᠵᠢᠬᠦᠯᠭᠡ ᠶᠢ ᠲᠤᠭᠳᠠᠭᠠᠨ ᠠᠵᠤ ᠦᠢᠯᠡᠰ ᠢᠶᠠᠷ ᠬᠠᠪᠰᠤᠷᠤᠨ ᠳᠡᠳᠭᠦᠭᠦ ᠦᠷ᠎ᠡ ᠪᠦᠲᠤᠮᠵᠢ ᠶᠢ ᠳᠡᠭᠡᠭᠰᠢᠯᠡᠭᠦᠯᠵᠤ ︽ᠬᠤᠶᠠᠷ ᠲᠤ ᠰᠠᠨᠠᠭᠠᠰᠢᠷᠠᠬᠤ ᠦᠭᠡᠢ ᠭᠤᠷᠪᠠ ᠶᠢ ᠪᠠᠲᠤᠯᠠᠬᠤ︾ ᠲᠠᠢ ᠨᠢᠭᠳᠠ ᠤᠶᠠᠯᠳᠣᠭᠤᠯᠤᠨ ︽ᠵᠢᠷᠭᠤᠭᠠᠨ ᠣᠨᠣᠪᠴᠢᠲᠠᠢ︾  ᠶᠢ ᠨᠠᠶᠢᠳᠠᠪᠤᠷᠢᠵᠢᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠤᠯᠤᠨ ᠬᠦᠳᠡᠭᠡ ᠲᠤᠰᠬᠤᠨ ᠢ ᠬᠦᠭᠵᠢᠭᠦᠯᠤᠨ ᠮᠠᠨᠳᠤᠭᠤᠯᠬᠤ ᠠᠵᠢᠯ ᠢ ᠪᠦᠲᠦᠮᠵᠢᠲᠠᠢ ᠵᠠᠯᠭᠠᠯᠳᠤᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠲᠥᠷᠤᠯ  ᠤᠨ ᠭᠤᠤᠯᠳᠠᠯᠭ᠎ᠠ ᠲᠠᠢ ᠠᠵᠢᠯ ᠢ ᠨᠢᠭᠡᠳᠤᠯᠲᠠᠢ ᠲᠦᠯᠦᠪᠯᠡᠨ ︽ᠵᠢᠷᠭᠤᠭ᠎ᠠ ᠶᠢ ᠲᠤᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠳᠣᠯᠠᠬᠤ︾ ᠡᠭᠦᠷᠭᠡ ᠪᠠ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠭᠦ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠬᠦᠲᠤᠯᠤᠨ ᠳᠠᠭᠠᠭᠤᠯᠬᠤ ᠶᠢ ᠳᠤᠪᠤᠶᠢᠯᠭᠠᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ ︽ᠭᠤᠷᠪᠠᠨ ᠱᠠᠲᠤᠨ ᠤ ᠱᠦᠵᠢ︾ ᠶᠢ ᠬᠠᠮᠲᠤ ᠨᠢ ᠠᠳᠬᠤᠬᠤ ᠶᠢ ᠴᠢᠩᠭᠠᠳᠬᠠᠨ ᠭᠤᠤᠯ ᠴᠤᠭᠴᠠ  ᠶᠢᠨ ᠬᠠᠷᠢᠭᠤᠴᠠᠯᠭ᠎ᠠ ᠭᠢᠨᠠᠯᠳᠠ ᠲᠠᠯᠪᠢᠬᠤ ᠬᠠᠷᠢᠭᠤᠴᠠᠯᠭ᠎ᠠ ᠪᠤᠯᠤᠨ ︽ᠬᠤᠶᠠᠷ ᠲᠤ ᠰᠠᠨᠠᠭᠠᠰᠢᠷᠠᠬᠤ ᠦᠭᠡᠢ ᠭᠤᠷᠪᠠ  ᠶᠢ ᠪᠠᠲᠤᠯᠠᠬᠤ︾᠂ ᠤᠤᠭᠤᠬᠤ ᠤᠰᠤᠨ ᠤ ᠠᠮᠤᠷ ᠲᠦᠪᠰᠢᠨ ᠤ ᠲᠦᠷᠦ ᠶᠢᠨ ᠪᠣᠲᠣᠯᠭ᠎ᠠ ᠶᠢ ᠨᠠᠶᠢᠳᠠᠪᠤᠷᠢᠵᠢᠭᠤᠯᠬᠤ ᠲᠤᠭᠤᠷᠢᠨ ᠳᠤ ᠵᠦᠷᠢᠶ᠎ᠡ ᠪᠠᠨ ᠡᠷᠢᠵᠤ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠪᠤᠯᠤᠨ ᠡᠯ᠎ᠡ ᠱᠠᠲᠤᠨ ᠤ ᠣᠳᠣᠷᠢᠳᠬᠤ ᠺᠠᠳ᠋ᠷᠴᠣᠳ ᠤᠨ ᠤᠯᠤᠰ ᠲᠦᠷᠦ  ᠶᠢᠨ ᠬᠠᠷᠢᠭᠤᠴᠠᠯᠭ᠎ᠠ᠂ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ ᠪᠤᠳᠠᠳᠤ ᠦᠷ᠎ᠡ ᠪᠦᠲᠤᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ᠶᠠᠳᠠᠭᠤ ᠶᠢ ᠳᠡᠳᠭᠦᠭᠦ ᠭᠥᠷᠢᠶᠠᠨ ᠤ ᠵᠠᠰᠠᠠ ᠴᠡᠭᠴᠡᠯᠡᠯᠲᠡ ᠵᠢᠴᠢ ᠰᠣᠷᠲᠠᠯ ᠤᠨ ᠠᠰᠠᠭᠤᠳᠠᠯ ᠤᠨ ᠵᠠᠰᠠᠯᠲᠠ ᠶᠢ ᠴᠢᠩᠭᠠᠳᠬᠠᠵᠤ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃                                                                  
 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号