ᠦᠣᠰᠢᠨᠵᠣᠣ ᠪᠠᠯᠭᠠᠰᠣᠨ ᠤ ᠦᠦᠰᠢᠨᠵᠦᠦ ᠭᠠᠴᠠᠭ᠎ᠠ ᠮᠠᠯᠴᠢᠨ ᠲᠠᠷᠢᠶᠠᠴᠢᠨ ᠤ ᠬᠥᠳᠡᠭᠡ ᠨᠤᠲᠤᠭ ᠲᠤ ᠪᠠᠨ | ᠦᠢᠯᠡᠰ ᠪᠣᠰᠬᠠᠵᠤ ᠠᠵᠤ ᠦᠢᠯᠡᠰ ᠡᠷᠬᠢᠯᠡᠬᠦ ᠶᠢ ᠣᠯᠡᠨ ᠲᠠᠯ᠎ᠠ ᠶᠢᠨ ᠪᠣᠳᠠᠳᠡᠢ ᠠᠷᠭ᠎ᠠ ᠠᠪᠴᠠᠯ ᠢᠶᠠᠷ ᠢᠳᠡᠪᠬᠢᠳᠡᠢ | ᠳᠡᠮᠵᠢᠵᠦ ᠬᠦᠳᠡᠭᠡ ᠳᠣᠰᠬᠤᠨ ᠤ ᠬᠦᠭᠵᠢᠨ ᠮᠡᠨᠳᠤᠯᠳᠡ᠂ ᠮᠠᠯᠴᠢᠨ ᠲᠠᠷᠢᠶᠠᠴᠢᠨ ᠤ ᠤᠷᠤᠯᠭ᠎ᠠ ᠶᠢᠨ ᠨᠡᠮᠡᠭᠳᠡᠯ ᠢ | ᠬᠠᠮᠳᠤ ᠳᠤᠨᠢ ᠠᠬᠢᠭᠤᠯᠵᠤ ᠪᠠᠶᠢᠨ᠎ᠠ᠃ | ᠦᠣᠰᠢᠨᠵᠣᠣ ᠪᠠᠯᠭᠠᠰᠣᠨ ᠤ ᠦᠦᠰᠢᠨᠵᠦᠦ ᠭᠠᠴᠠᠭᠠᠨ ᠤ ᠮᠠᠯᠴᠢᠨ ᠪᠠᠶᠠᠷᠲᠤ ᠤᠳᠠᠭᠠᠨ ᠵᠢᠯ ᠬᠤᠲᠠ ᠪᠠᠯᠭᠠᠰᠤ | ᠪᠠᠷ ᠦᠢᠯᠡᠰ ᠪᠣᠰᠬᠠᠵᠤ ᠶᠠᠪᠤᠭᠰᠠᠨ ᠦᠩᠬᠡᠷᠡᠯᠳᠡ ᠲᠠᠢ᠃ 2018 ᠣᠨ ᠳᠤ ᠨᠤᠲᠤᠭ ᠲᠤ᠋ᠪᠠᠨ ᠪᠤᠴᠠᠵᠤ ᠢᠷᠡᠬᠡᠳ | ᠭᠠᠷ ᠤᠷᠠᠯᠠᠯ ᠤᠨ ᠮᠡᠷᠬᠡᠵᠢᠯ ᠤᠨ ᠲᠠᠪᠠᠭᠤᠯᠢᠭ ᠪᠠ ᠤᠳᠠᠭᠠᠨ ᠵᠢᠯ ᠰᠣᠶᠣᠯ ᠵᠠᠭᠤᠴᠢᠯᠠᠭᠤᠷ ᠤᠨ ᠺᠤᠮᠫᠠᠨᠢ | ᠡᠷᠬᠢᠯᠡᠭᠰᠡᠨ ᠳᠤᠷᠰᠢᠯᠭ᠎ᠠ ᠳᠤ ᠪᠠᠨ ᠰᠠᠭᠤᠷᠢᠯᠠᠨ ︽ᠦᠦᠰᠢᠨᠵᠦᠦ ᠴᠣᠯᠤ ᠮᠤᠳᠤᠨ ᠤᠷᠠᠯᠠᠯ ᠵᠠᠰᠠᠯ ᠴᠢᠮᠡᠭᠯᠡᠯ ᠤᠨ | ᠦᠢᠯᠡᠳᠪᠦᠷᠢ︾ ᠪᠠᠨ ᠪᠠᠶᠢᠭᠤᠯᠪᠠ᠃ | ᠦᠦᠰᠢᠨᠵᠦᠦ ᠭᠠᠴᠠᠭᠠᠨ ᠤ ᠮᠠᠯᠴᠢᠨ ᠪᠠᠶᠠᠷᠲᠤ᠄ ︽ᠦᠨᠳᠦᠰᠦᠲᠡᠨ ᠤ ᠣᠨᠴᠠᠯᠢᠭ ᠢ ᠳᠣᠪᠣᠶᠢᠯᠭᠠᠵᠦ | ᠮᠣᠩᠭᠤᠯ ᠦᠨᠳᠦᠰᠦᠲᠡᠨ ᠤ ᠬᠡᠪ ᠨᠠᠮᠪᠠ ᠶᠢ ᠣᠷᠣᠭᠤᠯᠤᠨ ᠥᠪᠡᠷ ᠢᠶᠠᠨ ᠵᠢᠷᠤᠵᠤ ᠰᠡᠳᠦᠪᠯᠡᠭᠡᠳ ᠪᠣᠰᠣᠳ ᠠᠴᠠ | ᠣᠨᠴᠠᠭᠠᠢ᠂ ᠪᠣᠰᠣᠳ ᠤᠨ ᠬᠢᠵᠦ ᠥᠩᠭᠡᠷᠡᠭᠰᠡᠨ ᠦᠭᠡᠢ᠂ ᠥᠪᠡᠷ ᠤᠨ ᠣᠨᠴᠠᠯᠢᠭ ᠲᠠᠢ ᠶᠠᠭᠤᠮ᠎ᠠ ᠶᠢ ᠬᠢᠶ᠎ᠡ ᠭᠡᠵᠦ | ᠪᠤᠳᠤᠵᠠᠢ᠃ ᠵᠠᠬ᠎ᠠ ᠳᠡᠯᠭᠡᠭᠦᠷ ᠲᠤ ᠭᠠᠷᠭᠠᠭᠰᠠᠨ ᠴᠤ ᠬᠤᠳᠠᠯᠳᠤᠭᠠᠨ ᠤ ᠲᠠᠯ᠎ᠠ ᠪᠠᠷ ᠪᠠᠰᠠ ᠨᠡᠯᠢᠶᠡᠳ ᠵᠦᠬᠡᠷ︾ | ᠬᠡᠵᠦ ᠪᠠᠶᠢᠯ᠎ᠠ᠃ | ᠪᠠᠶᠠᠷᠲᠤ ᠶᠢᠨ ᠦᠢᠯᠡᠳᠪᠦᠷᠢᠯᠡᠭᠰᠡᠨ ᠪᠦᠲᠦᠭᠡᠭᠳᠡᠬᠦᠨ ᠨᠢ ᠬᠡᠷᠡᠭᠯᠡᠭᠴᠢᠳ ᠤᠨ ᠲᠠᠭᠠᠰᠢᠶᠠᠯ ᠢ ᠣᠯᠵᠤ | ᠪᠣᠷᠣᠯᠠᠭᠤᠯᠭ᠎ᠠ ᠨᠢ ᠤᠯᠠᠮ ᠰᠠᠶᠢᠵᠢᠷᠠᠭᠰᠠᠨ ᠢᠶᠠᠷ ᠦᠢᠯᠡᠳᠪᠦᠷᠢ ᠪᠠᠨ ᠦᠷᠭᠡᠳᠬᠡᠬᠦ ᠴᠢᠬᠤᠯᠠ ᠲᠠᠢ ᠪᠣᠯᠤᠭᠰᠠᠨ | ᠪᠠᠶᠢᠪᠠ᠃ ᠡᠨᠡᠬᠦ ᠪᠠᠶᠢᠳᠠᠯ ᠢ ᠭᠠᠴᠠᠭᠠᠨ ᠤ ᠤᠳᠤᠷᠢᠳᠤᠯᠭ᠎ᠠ ᠣᠯᠵᠣ ᠮᠡᠳᠡᠭᠰᠡᠨ ᠤ ᠳᠠᠷᠠᠭ᠎ᠠ ᠲᠡᠭᠦᠨ ᠤ | ᠦᠢᠯᠡᠳᠪᠦᠷᠢ ᠶᠢᠨ ᠲᠠᠰᠤᠭ ᠢ ᠨᠢ ᠦᠷᠬᠡᠳᠬᠡᠬᠦ᠂ ᠴᠠᠬᠢᠯᠭᠠᠨ ᠲᠠᠲᠠᠵᠤ ᠦᠭᠬᠦ ᠵᠡᠷᠬᠡ ᠲᠡᠮᠵᠢᠯᠬᠡ ᠦᠵᠡᠬᠦᠯᠬᠦ ᠶᠢᠨ | ᠬᠠᠮᠳᠤ ᠰᠠᠭᠤᠷᠢ ᠲᠦᠬᠦᠬᠡᠷᠤᠮᠵᠢ ᠶᠢ ᠨᠢ ᠲᠡᠬᠦᠯᠳᠡᠷᠵᠢᠬᠦᠯᠵᠦ ᠦᠭᠴᠡᠢ᠃ | ᠦᠦᠰᠢᠨᠵᠦᠦ ᠭᠠᠴᠠᠭᠠᠨ ᠤ ᠨᠠᠮ ᠤᠨ ᠡᠭᠦᠷ ᠤᠨ ᠱᠦᠵᠢ ᠶᠦᠡᠭ ᠬᠤᠨᠭ᠌᠄ ︽ᠭᠠᠴᠠᠭ᠎ᠠ ᠠᠴᠠ ᠪᠠᠶᠠᠷᠲᠤ ᠳᠤ | ᠣᠷᠣᠨ ᠰᠠᠭᠤᠴᠠ᠂ ᠬᠤᠨᠢᠨ ᠤ ᠰᠠᠷᠠᠪᠴᠢ᠂ ᠡᠪᠡᠰᠦᠨ ᠤ ᠫᠧᠩ ᠢ ᠲᠥᠬᠦᠭᠡᠷᠴᠦ ᠥᠭᠭᠦᠭᠰᠡᠨ ᠶᠤᠮ᠃ ᠪᠡᠯᠴᠢᠭᠡᠷ | ᠨᠢ ᠪᠠᠭ᠎ᠠ ᠪᠤᠯᠬᠤᠷ ᠮᠠᠯ ᠮᠠᠯᠵᠢᠬᠤ ᠳᠤ ᠣᠷᠣᠯᠭ᠎ᠠ ᠶᠡᠭᠡ ᠪᠢᠰᠢ᠂ ᠢᠩᠬᠢᠭᠡᠳ ᠡᠪᠡᠰᠦᠨ ᠰᠠᠷᠠᠪᠴᠢ ᠶᠢ ᠲᠠᠬᠢᠵᠤ | ᠥᠭᠡᠷᠡᠴᠢᠯᠡᠭᠡᠳ ᠭᠠᠷ ᠤᠷᠠᠯᠠᠯ ᠤᠨ ᠦᠢᠯᠡᠳᠪᠦᠷᠢ ᠪᠣᠯᠭᠠᠭᠰᠠᠨ ᠶᠤᠮ᠃ ᠭᠠᠴᠠᠭᠠᠨ ᠠᠴᠠ ᠳᠡᠮᠵᠢᠯᠭᠡ ᠥᠭᠭᠦᠭᠡᠳ | 2018 ᠣᠨ ᠠᠴᠠ ᠡᠬᠢᠯᠡᠵᠦ ᠪᠠᠶᠠᠷᠲᠤ ᠮᠤᠳᠤᠨ ᠤ ᠭᠠᠷ ᠤᠷᠠᠯᠠᠯ ᠤᠨ ᠲᠤᠬᠠᠢ ᠰᠢᠷᠡᠭᠡ᠂ ᠠᠯᠪᠠᠨ ᠰᠢᠷᠡᠭᠡ ᠵᠡᠷᠭᠡ | ᠶᠢ ᠬᠢᠭᠡᠳ ᠵᠢᠯ ᠤᠨ ᠴᠡᠪᠡᠷ ᠣᠷᠣᠯᠭ᠎ᠠ 20 ᠲᠦᠮᠡ ᠶᠢ ᠳᠠᠪᠠᠵᠤ ᠪᠠᠶᠢᠨ᠎ᠠ︾ ᠬᠡᠪᠡ᠃ | ᠲᠤᠰ ᠭᠠᠴᠠᠭᠠᠨ ᠤ ᠮᠦᠳᠡᠨ ᠪᠣᠯ ᠠᠷᠪᠠᠭᠠᠳ ᠵᠢᠯ ᠤᠷᠳᠤᠰ ᠬᠠᠳᠬᠤᠮᠠᠯ ᠤᠷᠠᠯᠠᠯ ᠢ ᠤᠷᠤᠯᠳᠤᠭᠰᠠᠨ | ᠬᠦᠮᠦᠨ ᠪᠢᠯᠡ᠃ ᠮᠡᠷᠬᠡᠵᠢᠯ ᠲᠡᠬᠡᠭᠰᠢᠯᠡᠵᠦ ᠤᠷᠤᠯᠭ᠎ᠠ ᠨᠡᠮᠡᠭᠳᠡᠬᠦ ᠶᠢ ᠲᠠᠭᠠᠯᠳᠤᠨ ᠭᠠᠴᠠᠭᠠᠨ ᠤ ᠪᠠᠨ ᠬᠠᠳᠬᠤᠮᠠᠯ | ᠤᠷᠠᠯᠠᠯ ᠲᠠᠢ ᠡᠮᠡᠭᠳᠡᠶᠢᠴᠦᠳ ᠢ ᠵᠤᠬᠢᠶᠠᠨ ᠪᠠᠶᠢᠭᠤᠯᠵᠤ ᠲᠦᠪᠯᠡᠷᠡᠬᠦᠯᠦᠨ ᠵᠢᠭᠠᠳᠠᠭ ᠶᠤᠮ᠃ ᠡᠭᠦᠨ ᠳᠤ | ᠭᠠᠴᠠᠭᠠᠨ ᠠᠴᠠ ᠪᠡᠯᠡ ᠮᠦᠩᠬᠦᠨ ᠤ ᠲᠡᠮᠵᠢᠯᠬᠡ ᠬᠠᠩᠭᠠᠵᠤ ᠦᠭᠬᠦᠭᠰᠡᠨ ᠪᠠᠶᠢᠵᠠᠢ᠃ | ᠦᠥᠰᠢᠨᠵᠤᠤ ᠭᠠᠴᠠᠭᠠᠨ ᠤ ᠮᠠᠯᠴᠢᠨ ᠮᠦᠳᠡᠨ᠄ ︽ᠦᠢᠯᠡᠴᠢᠯᠡᠬᠡᠨ ᠤ ᠲᠤᠰᠬᠠᠢ ᠥᠷᠥᠭᠡ ᠭᠠᠷᠭᠠᠵᠤ ᠥᠭᠬᠦ | ᠭᠡᠪᠡ᠂ ᠨᠡᠩ ᠤᠯᠠᠨ ᠬᠠᠳᠬᠤᠮᠠᠯ ᠤᠷᠠᠯᠠᠯ ᠢ ᠰᠤᠷᠬᠤ ᠬᠦᠰᠡᠯ ᠲᠠᠢ ᠬᠦᠮᠦᠨ ᠳᠤ ᠨᠦᠬᠦᠴᠡᠯ ᠬᠠᠩᠭᠠᠵᠤ ᠥᠭᠬᠦ | ᠰᠠᠨᠠᠭ᠎ᠠ ᠲᠠᠢ︾ ᠭᠡᠪᠡ᠃ | ᠤᠳᠤ ᠦᠥᠰᠢᠨᠵᠤᠤ ᠭᠠᠴᠠᠭᠠᠨ ᠤ ᠠᠷᠪᠠᠭᠠᠳ ᠡᠷᠦᠬᠡ ᠦᠪᠡᠷᠳᠡᠬᠡᠨ ᠦᠢᠯᠡᠰ ᠪᠤᠰᠬᠠᠵᠤ ᠪᠤᠢ᠃ | ᠦᠦᠰᠢᠨᠵᠦᠦ ᠭᠠᠴᠠᠭ᠎ᠠ ᠮᠠᠯᠴᠢᠨ ᠲᠠᠷᠢᠶᠠᠴᠢᠨ ᠤ ᠣᠷᠣᠨ ᠨᠤᠲᠤᠭ ᠲᠤ ᠪᠠᠨ ᠦᠢᠯᠡᠰ ᠪᠣᠰᠬᠠᠨ ᠠᠵᠤ ᠦᠢᠯᠡᠰ | ᠡᠷᠬᠢᠯᠡᠬᠦ ᠶᠢ ᠵᠤᠷᠢᠭᠵᠢᠭᠤᠯᠬᠤ ᠶᠢᠨ ᠡᠭᠦᠳᠡᠨ ᠠᠴᠠ ᠪᠣᠳᠠᠲᠣ ᠪᠠᠶᠢᠳᠠᠯ ᠲᠠᠢ ᠨᠢ ᠤᠶᠠᠯᠳᠤᠭᠤᠯᠤᠨ ᠳᠡᠮᠵᠢᠯᠭᠡ | ᠦᠵᠡᠭᠦᠯᠬᠦ ᠶᠢᠨ ᠬᠠᠮᠲᠤ ᠣᠷᠣᠨ ᠪᠠᠶᠢᠷᠢ ᠶᠢᠨ ᠳᠠᠪᠠᠭᠤᠯᠢᠭ ᠢᠶᠠᠨ ᠠᠰᠢᠭᠯᠠᠨ ︽ᠮᠠᠯᠵᠢᠬᠤ ᠳ᠋ᠠᠵᠠᠢ ᠦᠦᠰᠢᠨᠵᠤᠤ ᠶᠢᠨ | ᠣᠨᠴᠠ ᠭᠠᠷᠤᠯᠲᠠ ᠶᠢ ᠳᠡᠯᠭᠡᠨ ᠪᠣᠷᠣᠯᠠᠭᠤᠯᠬᠤ ᠥᠷᠦᠭᠡ︾ ᠶᠢ ᠪᠠᠶᠢᠭᠤᠯᠵᠤ ᠪᠣᠷᠣᠯᠠᠭᠤᠯᠭ᠎ᠠ ᠶᠢᠨ ᠵᠠᠮ ᠢ ᠨᠢ | ᠦᠷᠬᠡᠳᠬᠡᠵᠦ ᠥᠭᠬᠦ ᠵᠡᠷᠭᠡ ᠣᠯᠠᠨ ᠲᠠᠯ᠎ᠠ ᠶᠢᠨ ᠠᠷᠭ᠎ᠠ ᠵᠠᠮ ᠶᠢ ᠬᠠᠩᠭᠠᠵᠤ ᠬᠦᠳᠡᠭᠡ ᠳᠣᠰᠬᠤᠨ ᠤ ᠬᠦᠭᠵᠢᠨ | ᠮᠡᠨᠳᠤᠯᠳᠡ ᠶᠢ ᠠᠬᠢᠭᠤᠯᠵᠤ ᠪᠠᠶᠢᠨ᠎ᠠ᠃ | ᠦᠦᠰᠢᠨᠵᠦᠦ ᠭᠠᠴᠠᠭᠠᠨ ᠤ ᠨᠠᠮ ᠤᠨ ᠡᠭᠦᠷ ᠤᠨ ᠱᠦᠵᠢ ᠶᠦᠡᠭ ᠬᠤᠨᠭ᠌᠄ ︽ᠬᠤᠵᠢᠮ ᠵᠠᠯᠠᠭᠤᠴᠤᠳ᠂ | ᠢᠯᠠᠩᠭᠤᠶ᠎ᠠ ᠶᠡᠭᠡ ᠰᠤᠷᠭᠠᠭᠤᠯᠢ ᠪᠠᠨ ᠲᠡᠬᠦᠰᠤᠭᠡᠳ ᠠᠵᠢᠯ ᠦᠬᠡᠢ ᠪᠠᠶᠢᠭ᠎ᠠ ᠵᠠᠯᠠᠭᠤᠴᠤᠳ ᠢ ᠤᠷᠢᠶᠠᠯᠠᠵᠤ | ᠦᠪᠡᠷ ᠤᠨ ᠵᠠᠬ᠎ᠠ ᠲᠡᠯᠭᠡᠬᠦᠷ ᠢᠶᠠᠨ ᠭᠠᠷᠭᠠᠬᠤ ᠶᠢ ᠲᠡᠮᠵᠢᠬᠦ ᠪᠠᠷ ᠪᠠᠶᠢᠨ᠎ᠠ︾ ᠭᠡᠪᠡ᠃ |