ᠰᠢ ᠶᠢᠨ ᠫᠢᠩ ᠸᠢᠶᠧᠲᠨᠠᠮ ᠤᠨ ᠡᠪ ᠬᠠᠮᠳᠤ ᠨᠠᠮ ᠤᠨ ᠲᠦᠪ ᠬᠤᠷᠢᠶᠡᠨ ᠤ ᠤᠤᠯ ᠤᠨ ᠶᠡᠷᠤᠩᠬᠡᠢ ᠱᠦᠵᠢ ᠯᠢ ᠺᠧ ᠫᠢᠶᠤᠤ ᠶᠢᠨ ᠨᠠᠰᠤ ᠪᠠᠷᠠᠭᠰᠠᠠ ᠳᠤ ᠸᠢᠶᠧᠲᠨᠠᠮ ᠤᠨ ᠡᠪ ᠬᠠᠮᠳᠤ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ ᠤᠯᠤᠰ ᠤᠨ ᠲᠡᠷᠢᠬᠦᠯᠡᠭᠴᠢ ᠷᠤᠸᠠᠨ ᠹᠦ᠋ ᠵᠦᠩ ᠳᠤ ᠭᠠᠰᠢᠭᠤᠳᠠᠯ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2020-08-11
     ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ ᠰᠢ ᠶᠢᠨ ᠫᠢᠩ 8 ᠤ ᠡᠳᠤᠷ ᠸᠢᠶᠧᠲᠨᠠᠮ ᠤᠨ ᠡᠪ ᠬᠠᠮᠳᠤ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ ᠷᠤᠸᠠᠨ ᠹᠦ᠋ ᠵᠦᠩ ᠳᠤ ᠭᠠᠰᠢᠭᠤᠲᠠᠯ ᠤᠨ ᠴᠠᠬᠢᠯᠭᠠᠨ ᠴᠢᠮᠡᠭᠡ ᠶᠠᠪᠤᠭᠤᠯᠵᠥ᠂ ᠸᠢᠶᠧᠲᠨᠠᠮ ᠤᠨ ᠡᠪ ᠬᠠᠮᠳᠤ ᠨᠠᠮ ᠤᠨ ᠲᠦᠪ ᠬᠤᠷᠢᠶᠡᠨ ᠤ ᠤᠤᠯ ᠤᠨ ᠶᠡᠷᠤᠩᠬᠡᠢ ᠱᠦᠵᠢ ᠯᠢ ᠺᠧ ᠫᠢᠶᠤᠤ ᠶᠢᠨ ᠨᠠᠰᠤ ᠪᠠᠷᠠᠭᠰᠠᠠ ᠳᠤ ᠡᠮᠬᠡᠨᠢᠨ ᠭᠠᠰᠢᠭᠤᠳᠠᠵᠥ ᠪᠠᠶᠢᠬᠤ ᠪᠠᠨ ᠢᠯᠡᠳᠬᠡᠪᠡ᠃ ᠪᠦᠬᠦ ᠠᠭᠤᠯᠭ᠎ᠠ ᠨᠢ ᠲᠤᠤᠷᠠᠬᠢ ᠮᠠᠳᠤ᠄      ᠸᠢᠶᠧᠲᠨᠠᠮ ᠤᠨ ᠡᠪ ᠬᠠᠮᠳᠤ ᠨᠠᠮ ᠤᠨ ᠲᠦᠪ ᠬᠤᠷᠢᠶᠡᠨ ᠤ ᠤᠤᠯ ᠤᠨ ᠶᠡᠷᠤᠩᠬᠡᠢ ᠱᠦᠵᠢ ᠯᠢ ᠺᠧ ᠫᠢᠶᠤᠤ ᠨᠦᠬᠦᠷ ᠤᠨ ᠵᠤᠯ ᠪᠤᠰᠤ ᠪᠠᠷ ᠨᠠᠰᠤ ᠪᠠᠷᠠᠭᠰᠠᠠ ᠢ ᠰᠤᠴᠢᠰᠬᠢᠨ ᠰᠤᠨᠤᠰᠤᠯ᠎ᠠ᠂ ᠪᠢ ᠲᠤᠮᠳᠠᠳᠤ ᠤᠯᠤᠰ ᠤᠨ ᠡᠪ ᠬᠠᠮᠳᠤ ᠨᠠᠮ᠂ ᠲᠤᠮᠳᠠᠳᠤ ᠤᠯᠤᠰ ᠤᠨ ᠵᠠᠰᠠᠭ ᠤᠨ ᠤᠷᠳᠤᠨ᠂ ᠲᠤᠮᠳᠠᠳᠤ ᠤᠯᠤᠰ ᠤᠨ ᠠᠷᠠᠳ ᠲᠦᠮᠡᠨ ᠤ ᠡᠮᠤᠨ᠎ᠡ ᠠᠴᠠ᠂ ᠲᠡᠷᠡᠴᠢᠯᠡᠨ ᠬᠤᠪᠢ ᠶᠢᠨ ᠨᠡᠷ᠎ᠡ ᠪᠠᠷ ᠢᠶᠠᠨ᠂ ᠲᠠᠨ ᠳᠤ ᠪᠠ ᠲᠡᠨ ᠢᠶᠠᠷ ᠲᠠᠮᠵᠢᠭᠤᠯᠤᠨ ᠸᠢᠶᠧᠲᠨᠠᠮ ᠤᠨ ᠡᠪ ᠬᠠᠮᠳᠤ ᠨᠠᠮ᠂ ᠸᠢᠶᠧᠲᠨᠠᠮ ᠤᠨ ᠵᠠᠰᠠᠭ ᠤᠨ ᠤᠷᠳᠤᠨ᠂ ᠸᠢᠶᠧᠲᠨᠠᠮ ᠤᠨ ᠠᠷᠠᠳ ᠲᠦᠮᠡᠨ ᠳᠤ ᠯᠢ ᠺᠧ ᠫᠢᠶᠤᠤ ᠨᠦᠬᠦᠷ ᠤᠨ ᠨᠠᠰᠤ ᠪᠠᠷᠠᠭᠰᠠᠠ ᠳᠤ ᠡᠮᠬᠡᠨᠢᠨ ᠭᠠᠰᠢᠭᠤᠳᠠᠵᠥ ᠪᠠᠶᠢᠬᠤ ᠪᠠᠨ ᠢᠯᠡᠳᠬᠡᠵᠥ᠂ ᠯᠢ ᠺᠧ ᠫᠢᠶᠤᠤ ᠨᠦᠬᠦᠷ ᠤᠨ ᠬᠡᠷ ᠪᠦᠯᠢ ᠶᠢᠨ ᠬᠢᠨ ᠢ ᠴᠢᠩ ᠰᠡᠳᠬᠢᠯ ᠠᠴᠠ ᠪᠠᠨ ᠲᠤᠬᠤᠨᠢᠭᠤᠯᠵᠥ ᠪᠠᠶᠢᠨ᠎ᠠ᠃      ᠯᠢ ᠺᠧ ᠫᠢᠶᠤᠤ ᠨᠦᠬᠦᠷ ᠪᠤᠯ ᠸᠢᠶᠧᠲᠨᠠᠮ ᠤᠨ ᠨᠠᠮ ᠪᠤᠯᠤᠨ ᠤᠯᠤᠰ ᠤᠨ ᠠᠬᠠᠮᠠᠳ ᠨᠢᠬᠡ ᠦᠶ᠎ᠡ ᠶᠢᠨ ᠭᠠᠷᠮᠠᠭᠠᠢ ᠤᠳᠤᠷᠢᠳᠬᠤ ᠬᠦᠮᠥᠨ ᠶᠤᠮ᠂ ᠸᠢᠶᠧᠲᠨᠠᠮ ᠤᠨ ᠠᠷᠠᠳ ᠲᠦᠮᠡᠨ ᠢ ᠲᠠᠭᠠᠭᠤᠯᠤᠨ ᠸᠢᠶᠧᠲᠨᠠᠮ ᠤᠨ ᠨᠡᠶᠢᠬᠡᠮ ᠵᠢᠷᠤᠮ ᠤᠨ ᠪᠦᠳᠦᠬᠡᠨ ᠪᠠᠶᠢᠭᠤᠯᠤᠯᠳᠠ ᠪᠤᠯᠤᠨ ᠰᠢᠨᠡᠴᠢᠯᠡᠯᠳᠡ ᠶᠢᠨ ᠦᠢᠯᠡᠰ ᠲᠤ ᠯᠤᠳᠤ ᠶᠡᠭᠡ ᠠᠮᠵᠢᠯᠳᠡ ᠤᠯᠪᠠ᠃ ᠯᠢ ᠺᠧ ᠫᠢᠶᠤᠤ ᠨᠦᠬᠦᠷ ᠪᠤᠯ ᠲᠤᠮᠳᠠᠳᠤ ᠤᠯᠤᠰ ᠤᠨ ᠨᠠᠮ ᠪᠤᠯᠤᠨ ᠠᠷᠠᠳ ᠲᠦᠮᠡᠨ ᠤ ᠲᠤᠳᠤᠨᠤ ᠨᠦᠬᠦᠷ ᠪᠠ ᠨᠠᠶᠢᠵᠠ ᠮᠦᠨ᠂ ᠲᠡᠷᠡ ︽ᠤᠷᠳᠤ ᠬᠤᠭᠤᠴᠠᠭ᠎ᠠ ᠪᠠᠷ ᠲᠤᠭᠳᠠᠭᠤᠨ ᠪᠠᠶᠢᠬᠤ᠂ ᠢᠷᠡᠬᠡᠳᠤᠢ ᠳᠤ ᠬᠠᠨᠳᠤᠭᠰᠠᠠ᠂ ᠡᠶᠡᠯᠳᠡᠭ ᠬᠦᠷᠰᠢ ᠨᠦᠬᠦᠷᠰᠡᠭ ᠪᠠᠶᠢᠬᠤ᠂ ᠪᠦᠬᠦ ᠲᠡᠯ᠎ᠡ ᠪᠠᠷ ᠬᠠᠮᠳᠤᠷᠠᠯᠴᠠᠬᠤ︾ ᠲᠤᠮᠳᠠᠳᠤ ᠸᠢᠶᠧᠲᠨᠠᠮ ᠤᠨ ᠬᠠᠷᠢᠯᠴᠠᠭ᠎ᠠ ᠶᠢ ᠪᠠᠶᠢᠭᠤᠯᠬᠤ ᠳᠤ ᠲᠤᠪᠤᠶᠢᠮ᠎ᠠ ᠬᠤᠪᠢ ᠨᠡᠮᠡᠷᠢ ᠦᠵᠡᠬᠦᠯᠵᠠᠢ᠃      ᠲᠤᠮᠳᠠᠳᠤ ᠤᠯᠤᠰ ᠲᠤᠮᠳᠠᠳᠤ ᠸᠢᠶᠧᠲᠨᠠᠮ ᠤᠨ ᠤᠯᠠᠮᠵᠢᠯᠠᠯᠳᠤ ᠨᠦᠬᠦᠷᠯᠡᠯ ᠢ ᠪᠠᠬᠢᠵᠢᠬᠦᠯᠬᠦ ᠪᠡ ᠪᠠᠳᠠᠷᠠᠭᠤᠯᠬᠤ ᠶᠢ ᠲᠡᠬᠡᠳᠤ ᠬᠡᠮᠵᠢᠶ᠎ᠡ ᠪᠠᠷ ᠴᠢᠬᠤᠯᠠᠴᠢᠯᠠᠵᠥ ᠪᠠᠶᠢᠨ᠎ᠠ᠂ ᠲᠤᠷᠠᠳᠠᠶ᠎ᠠ ᠸᠢᠶᠧᠲᠨᠠᠮ ᠲᠠᠢ ᠬᠠᠮᠳᠤ ᠪᠠᠷ ᠤᠯᠤᠰ ᠲᠦᠷᠦ ᠶᠢᠨ ᠢᠳᠡᠬᠡᠯᠴᠡᠭᠡ ᠪᠠᠨ ᠨᠡᠮᠡᠭᠳᠡᠬᠦᠯᠵᠤ᠂ ᠪᠦᠯᠬᠦᠮᠳᠡᠯ ᠬᠠᠮᠳᠤᠷᠠᠯᠴᠠᠭ᠎ᠠ ᠪᠠᠨ ᠴᠢᠩᠭᠠᠳᠬᠠᠨ᠂ ᠲᠤᠮᠳᠠᠳᠤ ᠸᠢᠶᠧᠲᠨᠠᠮ ᠤᠨ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠪᠤᠯᠤᠨ ᠦᠪᠡᠷ ᠦᠪᠡᠷ ᠤᠨ ᠨᠡᠶᠢᠬᠡᠮ ᠵᠢᠷᠤᠮᠳᠤ ᠦᠢᠯᠡᠰ ᠲᠡᠭᠡᠨ ᠲᠠᠰᠤᠷᠠᠯᠳᠡ ᠦᠭᠡᠢ ᠨᠡᠩ ᠶᠡᠭᠡ ᠰᠢᠨ᠎ᠡ ᠬᠦᠭᠵᠢᠯᠳᠡ ᠲᠠᠢ ᠪᠤᠯᠬᠤ ᠶᠢ ᠠᠬᠢᠭᠤᠯᠤᠨ᠎ᠠ᠃ ᠶᠡᠷᠤᠩᠬᠡᠢ ᠱᠦᠵᠢ ᠨᠦᠬᠦᠷ ᠢᠶᠠᠷ ᠭᠤᠤᠯ ᠪᠤᠯᠭᠠᠭᠰᠠᠠ ᠸᠢᠶᠧᠲᠨᠠᠮ ᠤᠨ ᠡᠪ ᠬᠠᠮᠳᠤ ᠨᠠᠮ ᠤᠨ ᠲᠦᠪ ᠬᠤᠷᠢᠶᠡᠨ ᠤ ᠪᠡᠳᠤ ᠴᠢᠩᠭ᠎ᠠ ᠤᠳᠤᠷᠢᠳᠤᠯᠭ᠎ᠠ ᠲᠤᠤᠷ᠎ᠡ᠂ ᠸᠢᠶᠧᠲᠨᠠᠮ ᠤᠨ ᠨᠡᠶᠢᠬᠡᠮ ᠵᠢᠷᠤᠮ ᠤᠨ ᠪᠦᠳᠦᠬᠡᠨ ᠪᠠᠶᠢᠭᠤᠯᠤᠯᠳᠠ ᠶᠢᠨ ᠦᠢᠯᠡᠰ ᠰᠢᠨ᠎ᠡ ᠠᠮᠵᠢᠯᠳᠠ ᠤᠯᠤᠨ᠎ᠡ ᠬᠡᠳᠡᠭ ᠢ ᠪᠢ ᠢᠳᠡᠬᠡᠵᠥ ᠪᠠᠶᠢᠨ᠎ᠠ᠃    
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号