8 ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ︵ | ᠥᠷᠭᠡᠳᠬᠡᠭᠰᠡᠨ︶ ᠬᠤᠷᠠᠯ ᠢ ᠬᠤᠷᠠᠯᠳᠤᠭᠤᠯᠵᠤ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ | ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ ᠪᠦᠬᠦ ᠬᠤᠰᠢᠭᠤᠨ ᠤ ᠠᠵᠤ ᠠᠬᠤᠢ ᠶᠢᠨ ᠡᠷᠭᠢᠯᠳᠠ᠂ ᠪᠦᠬᠦ ᠤᠯᠤᠰ ᠤᠨ ᠬᠤᠰᠢᠭᠤ ᠰᠢᠶᠠᠨ ᠤ | ᠲᠡᠰ ᠤᠨ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠵᠡᠷᠭᠡ ᠭᠤᠤᠯᠳᠠᠯᠭ᠎ᠠ ᠲᠠᠢ ᠠᠵᠢᠯ ᠳᠤ | ᠲᠤᠭᠢᠷᠠᠭᠤᠯᠤᠯᠳᠠ ᠭᠢᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ | ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ ᠬᠤᠷᠠᠯ | ᠳᠤ ᠣᠷᠣᠯᠴᠠᠨ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠪᠤᠶᠠᠨᠮᠠᠨᠳᠤᠬᠤ ᠵᠡᠷᠭᠡ ᠪᠦᠬᠦ ᠬᠤᠰᠢᠭᠤᠨ ᠤ ᠰᠢᠶᠠᠨ ᠤ ᠲᠠᠰ ᠤᠨ ᠤᠳᠤᠷᠢᠳᠤᠯᠭ᠎ᠠ᠂ ᠡᠯ᠎ᠡ ᠰᠤᠮᠤ | ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ | ᠰᠤᠯᠠ ᠤᠷᠤᠯᠴᠠᠪᠠ᠃ | | | | | | | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ | ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠥᠬᠦᠳᠡ ᠬᠤᠷᠠᠯ ᠨᠢ ᠶᠡᠷᠦᠩᠬᠡᠶ ᠱᠦᠵᠢ ᠰᠢ ᠶᠢᠨ ᠫᠢᠩ ᠤᠨ | ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯ ᠤᠨ ᠥᠪᠥᠷ ᠮᠣᠩᠭᠤᠯᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ | ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠲᠣᠭᠤᠷᠢᠨ ᠳᠤ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠬᠤ ᠪᠠ | ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ᠂ ᠨᠠᠮ ᠤᠨ ᠪᠠᠶᠢᠭᠤᠯᠤᠯᠳᠠ ᠶᠢᠨ ᠠᠵᠢᠯ ᠢ ᠰᠠᠶᠢᠲᠤᠷ | ᠬᠢᠬᠦ ᠵᠡᠷᠭᠡ ᠲᠠᠯ᠎ᠠ ᠪᠠᠷ ᠪᠣᠳᠠᠲᠠᠶ ᠪᠠᠶᠢᠷᠢᠯᠠᠭᠤᠯᠤᠯᠲᠠ ᠬᠢᠵᠦ ᠲᠣᠳᠣᠷᠬᠠᠶ ᠱᠠᠭᠠᠷᠳᠠᠯᠭ᠎ᠠ ᠳᠤᠷᠠᠳᠪᠠ᠃ ᠡᠯ᠎ᠡ ᠭᠠᠵᠠᠷ | ᠤᠷᠤᠨ ᠡᠯ᠎ᠡ ᠰᠠᠯᠠᠭ᠎ᠠ ᠮᠥᠴᠢᠷ ᠤᠨ ᠬᠢᠨ ᠬᠤᠲᠠ ᠶᠢᠨ ᠨᠠᠮ ᠤᠨ ᠬᠤᠷᠢᠶᠠᠨ ᠤ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ ᠬᠤᠲᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ | ᠶᠠᠨ ᠤ ᠶᠠᠷᠢᠶᠠᠶᠢᠨ ᠵᠣᠷᠢᠭ ᠰᠠᠨᠠᠭ᠎ᠠ ᠪᠣᠯᠤᠨ ︽ᠬᠡᠷᠡᠭᠵᠢᠭᠦᠯᠬᠦ ᠰᠠᠨᠠᠯ︾ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠡᠷᠡᠰ ᠰᠠᠶᠢᠲᠤᠷ ᠠᠳᠬᠤᠵᠤ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ | ᠢᠮᠠᠭᠲᠠ ᠪᠠᠷᠢᠮᠳᠠᠯᠠᠨ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠡᠯ᠎ᠡ ᠲᠥᠷᠤᠯ ᠤᠨ ᠠᠵᠢᠯ ᠦᠢᠯᠡᠰ ᠤᠨ | ᠬᠥᠭᠵᠢᠯᠲᠡ ᠶᠢ ᠠᠬᠢᠭᠤᠯᠵᠤ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠵᠦ ︽ | ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠪᠦᠬᠦ ᠵᠢᠯᠦᠨ ᠡᠯ᠎ᠡ ᠵᠦᠢᠯ ᠤᠨ | ᠬᠠᠷᠠᠯᠲᠠ ᠡᠭᠦᠷᠭᠡ ᠶᠢ ᠴᠢᠷᠮᠠᠶᠢᠨ ᠪᠠᠶᠠᠯᠠᠭᠦᠯᠭᠦ ᠭᠡᠷᠡᠭᠳᠠᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠵᠤ | ᠠᠬᠤᠢ ᠶᠢᠨ ᠡᠷᠭᠢᠯᠳᠠ ᠶᠢᠨ ᠣᠨᠴᠠᠯᠢᠭ ᠢ ᠣᠨᠣᠪᠴᠢᠲᠠᠶ ᠡᠵᠡᠮᠰᠢᠵᠦ ᠠᠵᠤ ᠠᠬᠤᠢ ᠶᠢᠨ ᠬᠥᠭᠵᠢᠯᠲᠡ ᠶᠢᠨ ᠣᠨ ᠤ | ᠬᠠᠷᠠᠯᠲᠠ ᠶᠢ ᠴᠢᠩᠭ᠎ᠠ ᠠᠩᠬᠠᠷᠴᠤ ᠨᠠᠷᠢᠯᠢᠭ ᠣᠨᠣᠴᠠᠲᠠᠶ ᠠᠷᠭ᠎ᠠ ᠬᠡᠮᠵᠢᠶ᠎ᠡ ᠠᠪᠴᠤ ᠬᠠᠷᠢᠯᠴᠠᠨ ᠬᠥᠳᠡᠯᠦᠯᠴᠡᠬᠦ | ᠠᠵᠢᠯ ᠤᠨ ᠨᠡᠶᠢᠯᠡᠮᠡᠯ ᠬᠦᠴᠦᠨ ᠢ ᠪᠥᠷᠢᠯᠳᠤᠭᠦᠯᠤᠨ ᠴᠢᠬᠤᠯᠠ ᠲᠤᠮᠤ ᠲᠥᠷᠥᠯ ᠵᠥᠢᠯ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ ᠬᠤᠳᠠᠯᠳᠤᠭ᠎ᠠ ᠡᠵᠡᠩᠨᠠᠭᠦ ᠣᠷᠴᠢᠨ ᠨᠥᠬᠦᠴᠡᠯ ᠢ ᠰᠢᠯᠢᠳᠡᠭᠵᠢᠭᠦᠯᠤᠨ ᠡᠯ᠎ᠡ | ᠲᠥᠷᠤᠯ ᠤᠨ ᠠᠵᠢᠯ ᠤᠨ ᠥᠨᠳᠥᠷ ᠪᠦᠲᠦᠮᠵᠢᠲᠡᠶ ᠲᠦᠷᠭᠡᠨ ᠠᠭᠢᠬᠤ ᠶᠢ ᠪᠠᠳᠤᠯᠠᠬᠤ ᠭᠡᠷᠡᠭᠳᠠᠢ᠃ ᠪᠦᠬᠦ ᠤᠯᠤᠰ ᠤᠨ | ᠬᠤᠰᠢᠭᠤ ᠰᠢᠶᠠᠨ ᠤ ᠲᠠᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠴᠢᠬᠤᠯᠠᠴᠢᠯᠠᠨ ᠥᠵᠠᠵᠤ | ᠲᠤᠳᠠᠭᠳᠠᠯ ᠢᠶᠠᠨ ᠨᠥᠬᠦᠪᠥᠷᠢᠯᠡᠬᠦ᠂ ᠠᠬᠢᠴᠠ ᠶᠢ ᠵᠠᠪᠳᠤᠬᠤ᠂ ᠲᠣᠭᠲᠠᠴᠠ ᠶᠢ ᠲᠠᠭᠦᠯᠳᠡᠷᠵᠢᠭᠦᠯᠭᠦ᠂ | ᠬᠠᠷᠢᠭᠤᠴᠠᠯᠭ᠎ᠠ ᠪᠠᠨ ᠭᠥᠢᠴᠡᠳᠭᠡᠭᠦ ᠵᠡᠷᠭᠡ ᠡᠯ᠎ᠡ ᠲᠥᠷᠤᠯ ᠤᠨ ᠠᠵᠢᠯ ᠢ ᠲᠦᠯᠬᠢᠨ ᠠᠬᠢᠭᠤᠯᠵᠤ ᠡᠭᠦᠳᠦᠨ | ᠪᠠᠶᠢᠭᠤᠯᠬᠤ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠪᠠᠳᠤᠯᠠᠨ ᠪᠦᠬᠦ ᠤᠯᠤᠰ ᠤᠨ ᠬᠤᠰᠢᠭᠤ ᠰᠢᠶᠠᠨ ᠤ ᠲᠠᠰ | ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠬᠠᠷᠠᠯᠲᠠ ᠶᠢ ᠴᠢᠷᠮᠠᠶᠢᠨ ᠪᠠᠶᠠᠯᠠᠭᠦᠯᠭᠦ ᠭᠡᠷᠡᠭᠳᠠᠢ᠃ ᠬᠦᠨᠳᠦ ᠶᠡᠭᠡ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ | ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ | ᠠᠭᠢᠭᠤᠯᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠵᠤ | ᠡᠯ᠎ᠡ ᠲᠥᠷᠤᠯ ᠤᠨ ᠠᠵᠢᠯ ᠤᠨ ᠰᠢᠨ᠎ᠡ ᠦᠷ᠎ᠡ ᠪᠦᠲᠦᠮᠵᠢ ᠶᠢ ᠣᠯᠵᠤ ᠰᠢᠨ᠎ᠡ ᠰᠢᠪᠲᠤᠯᠤᠯᠲᠠ ᠶᠢ ᠪᠠᠶᠠᠯᠠᠭᠦᠯᠭᠦ ᠶᠢ | ᠠᠭᠢᠭᠤᠯᠬᠤ ᠭᠡᠷᠡᠭᠳᠠᠢ ᠭᠡᠵᠡᠢ᠃ | ᠬᠤᠷᠠᠯ ᠠᠴᠠ ᠪᠠᠰᠠ ᠪᠦᠬᠦ ᠬᠤᠲᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ ᠡᠯ᠎ᠡ ᠭᠠᠵᠠᠷ ᠤᠷᠤᠨ᠂ ᠨᠡᠭᠦᠷᠡᠰᠦ ᠲᠠᠢ ᠬᠤᠯᠪᠣᠭᠳᠠᠭᠰᠠᠨ ᠡᠯ᠎ᠡ ᠰᠠᠯᠠᠭ᠎ᠠ ᠮᠥᠴᠢᠷ ᠤᠨ ᠬᠢᠨ ᠤᠯᠤᠰ | ᠲᠦᠷᠦ ᠶᠢᠨ ᠵᠤᠭᠰᠤᠴᠠ ᠪᠠᠨ ᠤᠯᠠᠮ ᠨᠢᠭᠡ ᠠᠯᠬᠤᠮ ᠳᠡᠭᠡᠭᠰᠢᠯᠡᠬᠦᠯᠵᠤ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭ᠎ᠠ ᠪᠠᠨ ᠡᠭᠦᠷᠭᠡᠯᠠᠨ ᠠᠵᠢᠯ ᠤᠨ ᠨᠢᠭᠡᠳᠦᠯᠲᠡᠶ ᠲᠥᠯᠥᠪᠵᠢᠭᠦᠯᠦᠨ ᠵᠤᠭᠢᠴᠠᠭᠤᠯᠬᠤ ᠡᠷᠴᠢᠮ ᠢᠶᠠᠨ | ᠴᠢᠩᠭᠠᠷᠠᠭᠤᠯᠵᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠥᠪᠯᠡᠷᠡᠭᠦᠯᠦᠨ ᠴᠡᠭᠴᠡᠯᠡᠨ ᠵᠠᠰᠠᠬᠤ ᠪᠠ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠠᠭᠢᠭᠤᠯᠬᠤ ᠶᠢ ᠱᠠᠭᠠᠷᠳᠠᠵᠠᠢ᠃ | ᠬᠤᠷᠠᠯ ᠠᠴᠠ ᠪᠠᠰᠠ ᠪᠤᠰᠤᠳ ᠬᠡᠷᠡᠭ ᠤᠴᠢᠷ ᠢ ᠰᠤᠳᠤᠯᠵᠠᠢ᠃ |