ᠮᠠᠨ ᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠣᠨ ᠤ ᠦᠢᠯᠡᠳᠦᠯᠬᠡᠵᠢᠬᠦᠯᠬᠡ‌‍ᠶᠢᠨ ᠳᠦᠪ ᠤᠨ ᠰᠠᠶᠢᠨ ᠳᠣᠷ᠎ᠠ ᠶᠢᠨ ᠦᠢᠯᠡᠴᠢᠯᠡᠬᠡᠨ ᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-08-11
     ᠪᠦᠬᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡᠵᠢᠬᠦᠯᠬᠡ ᠶᠢᠨ ᠲᠥᠪ ᠤᠨ ᠪᠦᠬᠦ ᠤᠯᠤᠰ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠱᠠᠭᠠᠷᠳᠠᠯᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠤ ᠮᠠᠨ ᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡᠵᠢᠬᠦᠯᠬᠡ ᠶᠢᠨ ᠰᠠᠶᠢᠨ ᠳᠤᠷ᠎ᠠ ᠶᠢᠨ ᠦᠢᠯᠡᠴᠢᠯᠡᠬᠡᠨ ᠤ ᠠᠵᠢᠯ ᠢ ᠪᠦᠬᠦ ᠲᠠᠯ᠎ᠠ ᠪᠠᠷ ᠲᠣᠬᠢᠷᠠᠭᠤᠯᠤᠨ 8 ᠰᠠᠷ᠎ᠠ ᠶᠢᠨ 5 ᠤ ᠡᠳᠦᠷ᠂ ᠪᠥᠬᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡᠵᠢᠬᠦᠯᠬᠡ ᠶᠢᠨ ᠲᠥᠪ ᠤᠨ ᠰᠠᠶᠢᠨ ᠳᠤᠷ᠎ᠠ ᠶᠢᠨ ᠦᠢᠯᠡᠴᠢᠯᠡᠬᠡᠨ ᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠠᠭᠤᠯᠠ᠂ ᠦᠪᠡᠷᠳᠡᠭᠡᠨ ᠵᠠᠰᠠᠬᠤ ᠣᠷᠣᠨ ᠤ ᠣᠬᠠᠭᠤᠯᠬᠤ ᠬᠡᠯᠳᠡᠰ᠂ ᠬᠤᠰᠢᠭᠤ ᠣᠬᠠᠭᠤᠯᠬᠤ ᠬᠡᠯᠳᠡᠰ ᠤᠨ ᠬᠠᠮᠢᠶ᠎ᠠ ᠪᠦᠬᠦᠢ ᠬᠠᠷᠢᠭᠤᠴᠠᠯᠭᠠᠳᠠᠨ᠂ ᠪᠦᠬᠦ ᠬᠤᠰᠢᠭᠤᠨ ᠤ ᠪᠣᠯᠪᠠᠰᠣᠨ ᠢ ᠦᠢᠯᠡᠳᠦᠯᠬᠡᠵᠢᠬᠦᠯᠬᠦ ᠪᠦᠷᠢᠯᠳᠦᠬᠦᠨ ᠪᠠᠶᠢᠭᠤᠯᠬ᠎ᠠ ᠨᠢᠬᠡᠴᠢ  ᠶᠢᠨ ᠬᠠᠷᠢᠭᠤᠴᠠᠯᠭᠠᠳᠠᠨ᠂ ᠰᠣᠮᠣ ᠪᠠᠯᠭᠠᠰᠣᠨ ᠤ ᠣᠬᠠᠭᠤᠯᠬᠤ ᠬᠡᠰᠢᠬᠦᠨ᠂ ᠭᠠᠯᠠᠭᠤᠲᠣ ᠪᠠᠯᠭᠠᠰᠣᠨ ᠤ ᠡᠯ᠎ᠡ ᠨᠡᠶᠢᠬᠡᠮ ᠳᠣᠭᠤᠷᠢᠭ ᠤᠨ ᠨᠠᠮ ᠤᠨ ᠡᠬᠦᠷ ᠤᠨ ᠱᠦᠵᠢ᠂ ︽8 + N︾ 15 ᠰᠠᠶᠢᠨ ᠳᠤᠷ᠎ᠠ ᠶᠢᠨ ᠦᠢᠯᠡᠴᠢᠯᠡᠬᠡᠨ ᠤ ᠠᠩᠭᠢ ᠶᠢᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠡᠰᠢᠬᠦᠨ᠂ ᠰᠢᠨ᠎ᠡ ᠴᠠᠭ ᠦᠶ᠎ᠡ ᠶᠢᠨ ᠪᠣᠯᠪᠠᠰᠣᠨ ᠢ ᠦᠢᠯᠡᠳᠦᠯᠬᠡᠵᠢᠬᠦᠯᠬᠦ ᠳᠦᠪ ᠤᠨ ᠪᠦᠬᠦ ᠠᠵᠢᠯᠲᠠᠨ ᠬᠤᠷᠠᠯ ᠳᠤ ᠣᠷᠣᠯᠴᠠᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠬᠤᠰᠢᠭᠤᠨ ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠪᠠᠷ ᠮᠠᠨ ᠤ ᠬᠤᠰᠢᠭᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢᠯᠡᠳᠲᠡ ᠦᠷ᠎ᠡ ᠪᠦᠲᠦᠮᠵᠢ ᠣᠯᠵᠤ ᠰᠠᠶᠢᠨ ᠲᠤᠷ᠎ᠠ ᠶᠢᠨ ᠦᠢᠯᠡᠴᠢᠯᠡᠭᠡᠨ ᠤ ᠡᠩᠨᠡᠭᠡ ᠪᠠ ᠬᠡᠪᠴᠢᠶ᠎ᠡ ᠲᠠᠰᠤᠷᠠᠯᠲᠠ ᠦᠭᠡᠢ ᠪᠤᠵᠠᠭᠠᠶᠢᠷᠠᠨ ᠰᠠᠶᠢᠨ ᠳᠤᠷ᠎ᠠ ᠶᠢᠨ ᠦᠢᠯᠡᠴᠢᠯᠡᠬᠡᠨ ᠤ ᠨᠡᠷᠡᠲᠦ ᠲᠡᠮᠳᠡᠭ ᠤᠨ ᠦᠢᠯᠡᠳᠦᠯ ᠠᠩᠬ᠎ᠠ ᠠᠯᠬᠤᠮ ᠪᠦᠷᠢᠯᠳᠦᠵᠦ ᠰᠠᠶᠢᠨ ᠳᠤᠷ᠎ᠠ ᠶᠢᠨ ᠦᠢᠯᠡᠴᠢᠯᠡᠭᠡ ᠨᠢ ᠬᠥᠮᠦᠰ ᠤᠨ ᠰᠡᠳᠬᠢᠯ ᠳᠤ ᠬᠠᠳᠠᠩᠰᠢᠨ ᠤᠯᠠᠨ ᠲᠦᠮᠡᠨ ᠤ ᠲᠤᠰᠬᠠᠯ ᠰᠠᠶᠢᠨ ᠪᠠᠶᠢᠵᠤ ᠺᠠᠳ᠋ᠷ ᠪᠠ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠤᠨ ᠣᠯᠠᠩᠬᠢ ᠰᠠᠶᠢᠨ ᠲᠤᠷᠠᠴᠤᠳ ᠤᠨ ᠨᠡᠷ᠎ᠡ ᠲᠦᠷᠦ ᠶᠢᠨ ᠤᠬᠠᠮᠰᠠᠷ᠂ ᠵᠣᠷᠢᠯᠲᠠ‌‍ᠶᠢᠨ ᠤᠬᠠᠮᠰᠠᠷ᠂ ᠵᠣᠬᠢᠶᠠᠨ ᠪᠠᠶᠢᠭᠤᠯᠤᠯᠲᠠ ᠳᠤ ᠬᠠᠷᠢᠶᠠᠯᠠᠭᠳᠠᠬᠤ ᠰᠡᠳᠬᠢᠯᠭᠡ ᠪᠠ ᠠᠵᠢᠯ ᠦᠢᠯᠡᠰ ᠲᠡᠭᠡᠨ ᠦᠨᠡᠨᠴᠢ ᠰᠢᠳᠤᠷᠭᠤ ᠪᠠᠶᠢᠬᠤ ᠬᠡᠮᠵᠢᠶ᠎ᠡ ᠤᠯᠠᠮ ᠨᠢᠭᠡ ᠠᠯᠬᠤᠮ ᠴᠢᠩᠭᠠᠷᠠᠪᠠ᠃ ᠡᠭᠦᠨ ᠤ ᠬᠠᠮᠲᠤ ᠪᠠᠰᠠ ᠬᠡᠰᠡᠭ ᠰᠠᠶᠢᠨ ᠲᠤᠷᠠᠴᠤᠳ ᠦᠵᠡᠯ ᠰᠠᠨᠠᠭᠠᠨ ᠤ ᠲᠠᠯ᠎ᠠ ᠪᠠᠷ ᠵᠥᠷᠢᠶ᠎ᠡ ᠣᠷᠣᠰᠢᠵᠤ ᠬᠡᠰᠡᠭ ᠪᠠᠶᠢᠭᠤᠯᠭ᠎ᠠ ᠨᠢᠭᠡᠴᠢ ᠶᠢᠨ ᠰᠠᠶᠢᠨ ᠳᠤᠷ᠎ᠠ ᠶᠢᠨ ᠦᠢᠯᠡᠴᠢᠯᠡᠬᠡᠨ ᠤ ᠠᠵᠢᠯ ᠤᠨ ᠳᠠᠪᠲᠠᠴᠠ ᠪᠠ ᠡᠷᠴᠢᠮ ᠪᠠᠰᠠ ᠬᠦᠷᠦᠯᠴᠡᠬᠦ ᠥᠬᠡᠶ᠂ ᠰᠠᠶᠢᠨ ᠳᠤᠷ᠎ᠠ ᠶᠢᠨ  ᠦᠢᠯᠡᠴᠢᠯᠡᠬᠡᠨ ᠤ ᠠᠴᠢᠶᠠᠯᠠᠪᠤᠷᠢ ᠶᠢᠨ ᠰᠢᠨ᠎ᠡ ᠶᠢ ᠡᠭᠦᠳᠬᠦ ᠤᠬᠠᠮᠰᠠᠷ ᠴᠢᠩᠭ᠎ᠠ ᠪᠢᠰᠢ᠂ ᠠᠵᠢᠯ ᠤᠨ ᠭᠦᠨᠴᠡ ᠪᠠ ᠥᠷᠭᠡᠴᠡ ᠪᠠᠰᠠ ᠬᠦᠷᠦᠯᠴᠡᠬᠦ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠨ᠎ᠠ ᠬᠡᠵᠠᠢ᠃
     ᠬᠤᠷᠠᠯ ᠠᠴᠠ ᠱᠠᠭᠠᠷᠳᠠᠬᠤ ᠳᠠᠭᠠᠨ᠂ ᠦᠵᠡᠯ ᠰᠠᠨᠠᠭᠠᠨ ᠤ ᠳᠠᠯ᠎ᠠ ᠪᠠᠷ ᠵᠦᠪ ᠳᠠᠨᠢᠯᠳᠠ ᠲᠠᠢ ᠪᠠᠶᠢᠵᠦ ᠰᠠᠶᠢᠨ ᠳᠣᠷ᠎ᠠ ᠶᠢᠨ ᠦᠢᠯᠡᠴᠢᠯᠡᠬᠡᠨ ᠤ ᠰᠢᠨ᠎ᠡ ᠰᠡᠳᠬᠢᠬᠦᠢ ᠪᠠᠷ ︽ᠰᠢᠨ᠎ᠡ ᠬᠡᠯᠪᠡᠷᠢ ᠮᠠᠶ᠋ᠢᠭ︾ ᠢ ᠡᠬᠦᠳᠴᠦ ᠰᠠᠶᠢᠨ ᠳᠣᠷ᠎ᠠ  ᠶᠢᠨ ᠦᠢᠯᠡᠴᠢᠯᠡᠭᠡ ᠶᠢ ᠪᠦᠬᠦᠨ ᠳᠤ ᠨᠡᠶᠢᠲᠡᠮᠵᠢᠬᠦᠯᠦᠨ ᠦᠢᠯᠡᠴᠢᠯᠡᠬᠡᠨ ᠤ ᠳᠦᠪᠰᠢᠨ ᠢ ᠳᠠᠰᠣᠷᠠᠯᠳᠠ ᠦᠬᠡᠢ ᠳᠡᠭᠡᠭᠰᠢᠯᠡᠬᠦᠯᠬᠦ ᠬᠡᠷᠡᠭᠲᠡᠢ ᠬᠡᠪᠡ᠃
     ᠬᠤᠷᠠᠯ ᠠᠴᠠ ᠴᠢᠬᠤᠯᠠᠴᠢᠯᠠᠬᠤ ᠳᠠᠭᠠᠨ᠂ ᠰᠠᠶᠢᠨ ᠳᠣᠷ᠎ᠠ ᠶᠢᠨ ᠦᠢᠯᠡᠴᠢᠯᠡᠭᠡ ᠪᠣᠯ ᠡᠷᠬᠢᠮ ᠳᠡᠭᠡᠲᠦ ᠮᠦᠷᠳᠡᠬᠡᠨ ᠦᠩᠬᠡ ᠬᠡᠷᠡᠯᠳᠡᠢ ᠦᠢᠯᠡᠰ ᠶᠤᠮ᠃ ᠡᠷᠬᠡᠪᠰᠢ ᠳᠡᠭᠡᠲᠦ ᠬᠡᠮᠵᠢᠶᠡᠨ ᠤ ᠬᠠᠷᠢᠭᠤᠴᠠᠯᠭᠠᠲᠣ ᠣᠪᠣᠷ ᠢᠶᠠᠷ ᠠᠯᠣᠰ ᠢ ᠬᠷᠠᠵᠦ ᠦᠨᠳᠦᠰᠦᠨ ᠱᠠᠳᠣᠨ ᠳᠤ ᠦᠢᠯᠡᠴᠢᠯᠡᠨ ᠪᠣᠳᠠᠳᠣ ᠦᠢᠯᠡ ᠠᠵᠢᠯᠯᠠᠭ᠎ᠠ ᠪᠠᠷ ᠢᠶᠠᠨ ᠵᠢᠱᠢᠶᠡᠴᠢ ᠳᠠᠭᠠᠭᠤᠯᠤᠭᠴᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠦ ᠪᠣᠳᠠᠳᠣ ᠦᠢᠯᠡ ᠠᠵᠢᠯᠯᠠᠭ᠎ᠠ ᠪᠠᠷ ᠢᠶᠠᠨ ᠮᠠᠨ ᠤ ᠬᠤᠰᠢᠭᠤᠨ ᠤ ᠰᠠᠶᠢᠨ ᠳᠣᠷ᠎ᠠ ᠶᠢᠨ ᠦᠢᠯᠡᠴᠢᠯᠡᠬᠡᠨ ᠤ ᠦᠢᠯᠡᠰ ᠤᠨ ᠣᠯᠠᠨ ᠳᠠᠯ᠎ᠠ ᠶᠢᠨ ᠬᠦᠭᠵᠢᠯᠳᠡ ᠶᠢ ᠠᠬᠢᠭᠤᠯᠤᠨ ᠰᠢᠨ᠎ᠡ ᠴᠠᠭ ᠦᠶ᠎ᠡ ᠶᠢᠨ ᠪᠣᠯᠪᠠᠰᠣᠨ ᠢ ᠦᠢᠯᠡᠳᠦᠯᠬᠡᠵᠢᠬᠦᠯᠬᠦ ᠳᠦᠪ ᠤᠨ ᠪᠠᠶᠢᠭᠤᠯᠣᠯᠳᠠ ᠶᠢ ᠠᠬᠢᠭᠤᠯᠬᠤ ᠬᠡᠷᠡᠭᠲᠡᠢ ᠬᠡᠪᠡ᠃      ᠬᠤᠷᠠᠯ ᠳᠡᠭᠡᠷ᠎ᠡ᠂ ᠬᠤᠰᠢᠭᠤ ᠮᠠᠯ ᠳᠠᠷᠢᠶᠠᠯᠠᠩ ᠤᠨ ᠳᠣᠪᠴᠢᠶ᠎ᠠ ᠵᠡᠷᠭᠡ ᠳᠣᠯᠣᠭᠠᠨ ᠪᠠᠶᠢᠭᠤᠯᠭ᠎ᠠ ᠨᠢᠬᠡᠴᠢ ᠶᠢᠨ ᠬᠠᠷᠢᠭᠤᠴᠠᠯᠭᠠᠳᠠᠨ ᠠᠴᠠ ᠠᠵᠢᠯ ᠤᠨ ᠬᠠᠷᠢᠭᠤ ᠮᠡᠳᠡᠬᠦᠯᠦᠯᠲᠡ ᠬᠢᠪᠡ᠃
 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号