ᠰᠢ ᠶᠢᠨ ᠫᠢᠩ᠄ ᠦᠵᠤ ᠲᠦᠯᠤᠪᠯᠡᠭᠡ ᠶᠢ ᠴᠢᠩᠭᠠᠳᠬᠠᠬᠤ ᠪᠠ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ ᠶᠢ ᠤᠶᠠᠯᠳᠤᠭᠤᠯᠵᠤ ᠰᠡᠳᠬᠢᠯ ᠢᠶᠠᠨ ᠨᠢᠬᠡᠳᠬᠡᠵᠤ ᠬᠦᠴᠤᠨ ᠢᠶᠠᠨ ᠬᠠᠮᠳᠤᠳᠬᠠᠨ ︽ᠠᠷᠪᠠᠨ ᠲᠦᠷᠪᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ ᠶᠢ ᠰᠠᠶᠢᠳᠤᠷ ᠨᠠᠶᠢᠷᠠᠭᠤᠯᠤᠨ ᠲᠤᠭᠤᠷᠪᠢᠬᠤ ᠭᠡᠷᠡᠭᠳᠠᠢ
ᠨᠡᠶᠢᠲᠡᠯᠡᠭᠰᠡᠨ ᠴᠠᠭ᠄
2020-08-12
     ᠨᠠᠮ ᠤᠨ ᠲᠦᠪ ᠬᠤᠷᠢᠶᠠᠨ ᠤ ᠶᠠᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠢᠢᠷ᠎ᠠ ᠳᠤ ︽ᠠᠷᠪᠠᠨ ᠲᠦᠷᠪᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ ᠶᠢ ᠨᠠᠶᠢᠷᠠᠭᠤᠯᠤᠨ ᠲᠤᠭᠤᠷᠪᠢᠬᠤ ᠠᠵᠢᠯ ᠳᠤ ᠴᠢᠬᠤᠯᠠ ᠵᠢᠭᠠᠪᠤᠷᠢ ᠦᠭᠬᠦ ᠳᠡᠭᠡᠨ᠂ ᠤᠯᠤᠰ ᠠᠷᠠᠳ ᠤᠨ ᠠᠵᠤ ᠠᠬᠤᠢ ᠪᠤᠯᠤᠨ ᠨᠡᠶᠢᠬᠡᠮ ᠤᠨ ᠬᠦᠭᠵᠢᠯᠳᠠ ᠶᠢᠨ ᠲᠠᠪᠤᠨ ᠵᠢᠯ ᠤᠨ ᠲᠦᠯᠤᠪᠵᠢᠬᠦᠯᠬᠡ ᠶᠢ ᠨᠠᠶᠢᠷᠠᠭᠤᠯᠤᠨ ᠲᠤᠭᠤᠷᠪᠢᠬᠤ ᠪᠠ ᠭᠡᠷᠡᠭᠵᠢᠬᠦᠯᠬᠦ ᠪᠤᠯ ᠮᠠᠨ ᠤ ᠨᠠᠮ ᠤᠨ ᠲᠦᠷᠤ ᠶᠢ ᠵᠠᠰᠠᠵᠤ ᠵᠠᠰᠠᠬ ᠢ ᠡᠷᠬᠢᠯᠡᠬᠦ ᠴᠢᠬᠤᠯᠠ ᠠᠷᠭ᠎ᠠ ᠬᠡᠯᠪᠡᠷᠢ ᠪᠤᠯᠤᠨ᠎ᠠ᠃ ᠲᠠᠪᠤᠨ ᠵᠢᠯ ᠤᠨ ᠲᠦᠯᠤᠪᠵᠢᠬᠦᠯᠬᠡ ᠶᠢ ᠨᠠᠶᠢᠷᠠᠭᠤᠯᠤᠨ ᠲᠤᠭᠤᠷᠪᠢᠬᠤ ᠨᠢ ᠠᠵᠤ ᠠᠬᠤᠢ ᠪᠠ ᠨᠡᠶᠢᠬᠡᠮ ᠤᠨ ᠬᠦᠭᠵᠢᠯᠳᠠ ᠶᠢᠨ ᠡᠯ᠎ᠠ ᠲᠠᠯ᠎ᠠ ᠳᠤ ᠬᠤᠯᠪᠤᠬᠳᠠᠵᠤ᠂ ᠠᠷᠠᠳ ᠤᠯᠠᠨ ᠤ ᠤᠢᠢᠯᠡᠳᠪᠤᠷᠢᠯᠡᠯ ᠠᠮᠢᠳᠤᠷᠠᠯ ᠲᠠᠢ ᠨᠢᠬᠳᠠ ᠬᠤᠯᠪᠤᠬᠳᠠᠵᠤ ᠪᠠᠶᠢᠬᠤ ᠪᠤᠯᠬᠤᠷ ᠡᠭᠦᠲᠡ‌‍ᠪᠠᠨ ᠨᠡᠭᠡᠭᠡᠨ ᠤᠯᠠᠨ ᠠᠴᠠ ᠰᠠᠨᠠᠯ ᠬᠤᠷᠢᠶᠠᠵᠤ᠂ ᠲᠦᠮᠡᠨ ᠤ ᠰᠠᠨᠠᠯ ᠢ ᠠᠪᠴᠤ ᠤᠯᠠᠨ ᠤ ᠤᠬᠠᠭᠠᠨ ᠢ ᠲᠦᠪᠯᠡᠷᠡᠬᠦᠯᠦᠨ᠂ ᠦᠵᠤ ᠲᠦᠯᠤᠪᠯᠡᠭᠡ ᠶᠢ ᠴᠢᠩᠭᠠᠳᠬᠠᠬᠤ ᠪᠠ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ ᠶᠢ ᠤᠶᠠᠯᠳᠤᠭᠤᠯᠵᠤ᠂ ᠦᠷᠬᠡᠨ ᠤᠯᠠᠨ ᠠᠷᠠᠳ ᠲᠦᠮᠡᠨ ᠪᠤᠯᠤᠨ ᠨᠡᠶᠢᠬᠡᠮ ᠤᠨ ᠡᠯ᠎ᠠ ᠡᠳᠡᠬᠡᠳ ᠤᠨ ᠬᠢᠨ ᠤ ᠡᠯ᠎ᠠ ᠵᠦᠢᠯ ᠤᠨ ᠬᠡᠯᠪᠡᠷᠢ ᠪᠠᠷ ︽ᠠᠷᠪᠠᠨ ᠲᠦᠷᠪᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ ᠳᠤ ᠠᠷᠭ᠎ᠠ ᠤᠬᠠᠭᠠᠨ ᠭᠠᠷᠭᠠᠵᠤ ᠵᠦᠪᠯᠡᠯᠭᠡ ᠦᠭᠬᠦ ᠶᠢ ᠵᠤᠷᠢᠬᠵᠢᠭᠤᠯᠵᠤ᠂ ︽ᠠᠷᠪᠠᠨ ᠲᠦᠷᠪᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ ᠶᠢ ᠨᠠᠶᠢᠷᠠᠭᠤᠯᠤᠨ ᠲᠤᠭᠤᠷᠪᠢᠬᠤ ᠳᠤ ᠨᠡᠶᠢᠬᠡᠮ ᠤᠨ ᠬᠦᠰᠡᠯ ᠡᠷᠡᠮᠡᠯᠵᠡᠯ᠂ ᠤᠯᠠᠨ ᠲᠦᠮᠡᠨ ᠤ ᠤᠶᠤᠨ ᠤᠬᠠᠭᠠᠨ᠂ ᠲᠤᠰᠬᠠᠢ ᠮᠡᠷᠬᠡᠵᠢᠯᠳᠠᠨ ᠤ ᠰᠠᠨᠠᠯ᠂ ᠦᠨᠳᠤᠰᠤᠨ ᠱᠠᠳᠤᠨ ᠤ ᠲᠤᠷᠰᠢᠯᠭ᠎ᠠ ᠶᠢ ᠬᠦᠢᠴᠡᠳ ᠰᠢᠩᠬᠡᠬᠡᠨ᠂ ᠰᠡᠳᠬᠢᠯ ᠢᠶᠠᠨ ᠨᠢᠬᠡᠳᠬᠡᠵᠤ ᠬᠦᠴᠤᠨ ᠢᠶᠠᠨ ᠬᠠᠮᠳᠤᠳᠬᠠᠨ ︽ᠠᠷᠪᠠᠨ ᠲᠦᠷᠪᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ ᠶᠢ ᠰᠠᠶᠢᠳᠤᠷ ᠨᠠᠶᠢᠷᠠᠭᠤᠯᠤᠨ ᠲᠤᠭᠤᠷᠪᠢᠬᠤ ᠭᠡᠷᠡᠭᠳᠠᠢ ᠬᠡᠵᠤ ᠴᠢᠬᠤᠯᠠᠴᠢᠯᠠᠪᠠ᠃      ᠮᠠᠨ ᠤ ᠤᠯᠤᠰ 2021 ᠤᠨ ᠠᠴᠠ ︽ᠠᠷᠪᠠᠨ ᠲᠦᠷᠪᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ ᠶᠢ ᠡᠬᠢᠯᠠᠨ ᠭᠡᠷᠡᠭᠵᠢᠬᠦᠯᠬᠦ ᠪᠤᠯᠤᠨ᠎ᠠ᠂ ᠤᠳᠤᠬᠠᠨ ᠳᠤ ᠨᠠᠮ ᠤᠨ ᠲᠦᠪ ᠬᠤᠷᠢᠶ᠎ᠠ ︽ᠠᠷᠪᠠᠨ ᠲᠦᠷᠪᠡᠳᠤᠭᠡᠷ ᠲᠠᠪᠤᠨ ᠵᠢᠯ ︾ ᠤᠨ ᠬᠤᠭᠤᠴᠠᠭᠠᠨ ᠤ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠲᠦᠯᠤᠪᠵᠢᠬᠦᠯᠬᠡ ᠶᠢᠨ ᠲᠤᠬᠠᠢ ᠰᠠᠨᠠᠭᠤᠯᠭ᠎ᠠ ᠶᠢ ᠵᠤᠬᠢᠶᠠᠨ ᠪᠠᠶᠢᠭᠤᠯᠵᠤ ᠲᠤᠭᠳᠠᠭᠠᠵᠦ ᠪᠤᠢ᠃ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠪᠤᠯᠤᠨ ᠲᠦᠯᠤᠪᠵᠢᠬᠦᠯᠬᠡ ᠶᠢᠨ ᠰᠠᠨᠠᠭᠤᠯᠭ᠎ᠠ ᠶᠢ ᠨᠠᠶᠢᠷᠠᠭᠤᠯᠤᠨ ᠲᠤᠭᠤᠷᠪᠢᠬᠤ ᠠᠵᠢᠯ ᠤᠨ ᠲᠤᠬᠢᠷᠠᠭᠤᠯᠤᠯᠳᠠ ᠪᠠᠷ᠂ ᠬᠤᠯᠪᠤᠬᠳᠠᠯ ᠪᠦᠬᠦᠢ ᠲᠠᠯ᠎ᠠ ᠶᠢᠨ ᠬᠢᠨ ᠤᠢᠢᠷ᠎ᠠ ᠶᠢᠨ ᠬᠤᠭᠤᠴᠠᠭᠠᠨ ᠳᠤ ᠤᠯᠠᠨ ᠵᠦᠢᠯ ᠤᠨ ᠬᠡᠯᠪᠡᠷᠢ ᠪᠠᠷ ᠺᠠᠳ᠋ᠷ ᠤᠯᠠᠨ ᠲᠦᠮᠡᠨ᠂ ᠲᠤᠰᠬᠠᠢ ᠮᠡᠷᠬᠡᠵᠢᠯᠳᠠᠨ ᠡᠷᠳᠡᠮᠳᠡᠨ ᠨᠠᠷ ᠠᠴᠠ ︽ᠠᠷᠪᠠᠨ ᠲᠦᠷᠪᠡᠳᠤᠬᠡᠷ ᠲᠠᠪᠤᠨ ᠵᠢᠯ︾ ᠤᠨ ᠲᠦᠯᠤᠪᠵᠢᠬᠦᠯᠬᠡ ᠶᠢᠨ ᠲᠤᠬᠠᠢ ᠰᠠᠨᠠᠯ ᠰᠠᠨᠠᠭᠤᠯᠭ᠎ᠠ ᠬᠤᠷᠢᠶᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号