ᠰᠢ ᠶᠢᠨ ᠫᠢᠩ ᠴᠢᠬᠤᠯᠠ ᠵᠢᠭᠠᠪᠤᠷᠢ ᠦᠭᠴᠦ ᠴᠢᠬᠤᠯᠠᠴᠢᠯᠠᠬᠰᠠᠨ ᠨᠢ ᠢᠳᠡᠭᠡᠨ ᠤᠮᠳᠠᠭᠠᠨ ᠢ ᠪᠦᠷᠢᠯᠭᠡᠨ ᠰᠦᠢᠳᠭᠡᠬᠦ ᠠᠵᠢᠯᠯᠠᠭ᠎ᠠ ᠶᠢ ᠡᠷᠡᠰ ᠬᠤᠷᠢᠬᠯᠠᠵᠦ ᠦᠨᠡᠨ ᠬᠦ ᠠᠷᠪᠢᠯᠠᠨ ᠭᠠᠮᠨᠠᠬᠤ ᠳᠠᠳᠬᠠᠯ ᠲᠠᠢ ᠪᠤᠯᠵᠦ ᠪᠦᠬᠦ ᠨᠡᠶᠢᠭᠡᠮ ᠳᠤ ᠪᠦᠷᠢᠯᠭᠡᠨ ᠰᠦᠢᠳᠭᠡᠬᠦ ᠨᠢ ᠢᠴᠢᠭᠦᠷᠢᠳᠠᠢ ᠠᠷᠪᠢᠯᠠᠨ ᠭᠠᠮᠨᠠᠬᠤ ᠨᠢ ᠢᠷᠠᠭᠤ ᠠᠯᠳᠠᠷᠲᠠᠢ ᠪᠠᠶᠢᠬᠤ ᠠᠭᠤᠷ ᠠᠮᠢᠰᠬᠤᠯ ᠢ ᠪᠤᠢ ᠪᠤᠯᠭᠠᠬᠤ ᠭᠡᠷᠡᠭᠲᠡᠢ
ᠨᠡᠶᠢᠲᠡᠯᠡᠭᠰᠡᠨ ᠴᠠᠭ᠄
2020-08-12
     ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠢᠢᠷ᠎ᠠ ᠳᠤ ᠢᠳᠡᠭᠡᠨ ᠤᠮᠳᠠᠭᠠᠨ ᠢ ᠪᠦᠷᠢᠯᠭᠡᠨ ᠰᠦᠢᠳᠭᠡᠬᠦ ᠠᠵᠢᠯᠯᠠᠭ᠎ᠠ ᠶᠢ ᠬᠤᠷᠢᠬᠯᠠᠬᠤ ᠲᠤᠬᠠᠢ ᠴᠢᠬᠤᠯᠠ ᠵᠢᠭᠠᠪᠤᠷᠢ ᠦᠭᠪᠡ᠃ ᠲᠡᠷᠡ᠂ ᠢᠳᠡᠭᠡᠨ ᠤᠮᠳᠠᠭᠠᠨ ᠢ ᠪᠦᠷᠢᠯᠭᠡᠨ ᠰᠦᠢᠳᠭᠡᠬᠦ ᠦᠵᠡᠭᠳᠡᠯ ᠨᠢ ᠨᠢᠳᠤ ᠶᠢ ᠬᠠᠯᠢᠷᠠᠭᠤᠯᠵᠦ᠂ ᠵᠢᠷᠦᠭᠡ ᠶᠢ ᠰᠢᠮᠰᠢᠷᠡᠬᠦᠯᠵᠦ ᠪᠠᠶᠢᠨ᠎ᠠ︕ ︽ᠬᠠᠯᠪᠠᠭ᠎ᠠ ᠳᠤᠳᠤᠷᠠᠬᠢ ᠨᠢᠭᠡ ᠮᠦᠬᠦᠯᠢᠭ ᠠᠮᠤ ᠶᠢᠨ ᠬᠠᠯᠠᠰᠢᠷᠠᠯ ᠵᠤᠪᠠᠯᠠᠩ ᠢ ᠬᠡᠨ ᠮᠡᠳᠡᠬᠦ ᠠᠵᠢ︾ ᠭᠡᠳᠡᠭ᠃ ᠮᠠᠨ ᠤ ᠤᠯᠤᠰ ᠤᠨ ᠠᠮᠤ ᠪᠤᠳᠠᠭᠠᠨ ᠤ ᠭᠠᠷᠤᠯᠳᠠ ᠭᠡᠳᠦ᠋ᠢᠪᠡᠷ ᠵᠢᠯ ᠳᠠᠷᠠᠭᠠᠯᠠᠨ ᠡᠯᠪᠡᠭ ᠬᠤᠷᠢᠶᠠᠯᠳᠠ ᠤᠯᠵᠦ ᠪᠠᠶᠢᠭ᠎ᠠ ᠪᠤᠯᠪᠠᠴᠦ᠂ ᠠᠮᠤ ᠪᠤᠳᠠᠭᠠᠨ ᠤ ᠠᠮᠤᠷ ᠲᠦᠪᠰᠢᠨ ᠤ ᠲᠠᠯ᠎ᠠ ᠪᠠᠷ ᠢᠮᠠᠬᠳᠠ ᠲᠦᠭᠰᠢᠬᠦᠷᠢᠳᠦ ᠤᠬᠠᠮᠰᠠᠷ ᠲᠠᠢ ᠪᠠᠶᠢᠬᠤ ᠭᠡᠷᠡᠭᠲᠡᠢ᠂ ᠡᠨᠡ ᠵᠢᠯ ᠤᠨ ᠪᠦᠬᠦ ᠪᠦᠮᠪᠦᠷᠴᠡᠭ ᠤᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠠᠴᠠ ᠪᠤᠯᠤᠭᠰᠠᠨ ᠨᠦᠯᠦᠭᠡ ᠨᠢ ᠨᠡᠩ ᠴᠦ ᠪᠢᠳᠡᠨ ᠳᠤ ᠰᠡᠷᠡᠮᠵᠢ ᠦᠭᠴᠠᠢ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠬᠠᠤᠯᠢ ᠲᠤᠭᠳᠠᠭᠠᠬᠤ ᠠᠵᠢᠯ ᠢ ᠴᠢᠩᠭᠠᠳᠬᠠᠵᠦ᠂ ᠬᠢᠨᠠᠯᠳᠠ ᠬᠠᠮᠢᠶᠠᠷᠤᠯᠳᠠ ᠪᠠᠨ ᠴᠢᠩᠳᠠᠯᠠᠨ ᠂ ᠪᠦᠳᠦᠮᠵᠢᠳᠠᠢ ᠠᠷᠭ᠎ᠠ ᠭᠡᠮᠵᠢᠶ᠎ᠠ ᠠᠪᠴᠦ᠂ ᠤᠷᠳᠤ ᠬᠤᠭᠤᠴᠠᠭᠠᠨ ᠤ ᠪᠦᠳᠦᠮᠵᠢᠳᠠᠢ ᠲᠤᠭᠳᠠᠴᠠ ᠶᠢ ᠪᠠᠶᠢᠭᠤᠯᠤᠨ᠂ ᠢᠳᠡᠭᠡᠨ ᠤᠮᠳᠠᠭᠠᠨ ᠢ ᠪᠦᠷᠢᠯᠭᠡᠨ ᠰᠦᠢᠳᠭᠡᠬᠦ ᠠᠵᠢᠯᠯᠠᠭ᠎ᠠ ᠶᠢ ᠡᠷᠡᠰ ᠬᠤᠷᠢᠬᠯᠠᠬᠤ ᠭᠡᠷᠡᠭᠲᠡᠢ᠃ ᠤᠬᠠᠭᠤᠯᠤᠨ ᠬᠦᠮᠦᠵᠢᠬᠦᠯᠬᠦ ᠠᠵᠢᠯ ᠢ ᠤᠯᠠᠮ ᠴᠢᠨᠠᠬᠰᠢᠳᠠ ᠴᠢᠩᠭᠠᠳᠬᠠᠵᠦ᠂ ᠦᠨᠡᠨ ᠬᠦ ᠠᠷᠪᠢᠯᠠᠨ ᠭᠠᠮᠨᠠᠬᠤ ᠳᠠᠳᠬᠠᠯ ᠲᠠᠢ ᠪᠤᠯᠵᠦ᠂ ᠪᠦᠬᠦ ᠨᠡᠶᠢᠭᠡᠮ ᠳᠤ ᠪᠦᠷᠢᠯᠭᠡᠨ ᠰᠦᠢᠳᠭᠡᠬᠦ ᠨᠢ ᠢᠴᠢᠭᠦᠷᠢᠳᠠᠢ᠂ ᠠᠷᠪᠢᠯᠠᠨ ᠭᠠᠮᠨᠠᠬᠤ ᠨᠢ ᠢᠷᠠᠭᠤ ᠠᠯᠳᠠᠷᠲᠠᠢ ᠪᠠᠶᠢᠬᠤ ᠠᠭᠤᠷ ᠠᠮᠢᠰᠬᠤᠯ ᠢ ᠪᠤᠢ ᠪᠤᠯᠭᠠᠬᠤ ᠭᠡᠷᠡᠭᠲᠡᠢ ᠭᠡᠵᠦ ᠴᠢᠬᠤᠯᠠᠴᠢᠯᠠᠵᠠᠢ᠃      ᠰᠢ ᠶᠢᠨ ᠫᠢᠩ ᠠᠮᠤ ᠪᠤᠳᠠᠭᠠᠨ ᠤ ᠠᠮᠤᠷ ᠲᠦᠪᠰᠢᠨ ᠢ ᠢᠮᠠᠬᠳᠠ ᠳᠡᠭᠡᠳᠦ ᠭᠡᠮᠵᠢᠶ᠎ᠠ ᠪᠠᠷ ᠴᠢᠬᠤᠯᠠᠴᠢᠯᠠᠭᠰᠠᠭᠠᠷ ᠢᠷᠡᠭᠰᠡᠨ ᠪᠦᠭᠡᠳ ︽ᠠᠷᠪᠢᠯᠠᠨ ᠭᠠᠮᠨᠠᠬᠤ ᠶᠢ ᠡᠷᠬᠢᠮᠯᠡᠨ᠂ ᠪᠦᠷᠢᠯᠭᠡᠨ ᠰᠦᠢᠳᠭᠡᠬᠦ ᠶᠢ ᠡᠰᠡᠷᠬᠦᠴᠡᠬᠦ︾ ᠨᠡᠶᠢᠭᠡᠮ ᠤᠨ ᠬᠡᠪ ᠰᠤᠷᠳᠠᠯ ᠢ ᠰᠠᠨᠠᠭᠠᠴᠢᠯᠠᠵᠦ᠂ ᠢᠳᠡᠭᠡᠨ ᠤᠮᠳᠠᠭᠠᠨ ᠢ ᠪᠦᠷᠢᠯᠭᠡᠨ ᠰᠦᠢᠳᠭᠡᠬᠦ ᠠᠵᠢᠯᠯᠠᠭ᠎ᠠ ᠶᠢ ᠬᠤᠷᠢᠭᠯᠠᠬᠤ ᠭᠡᠷᠡᠭᠲᠡᠢ ᠭᠡᠵᠦ ᠤᠯᠠᠨᠳᠠ ᠴᠢᠬᠤᠯᠠᠴᠢᠯᠠᠪᠠ᠃ 2013 ᠤᠨ ᠤ 1 ᠰᠠᠷ᠎ᠠ ᠳᠤ᠂ ᠰᠢ ᠶᠢᠨ ᠫᠢᠩ ᠴᠢᠬᠤᠯᠠ ᠵᠢᠭᠠᠪᠤᠷᠢ ᠦᠭᠴᠦ᠂ ᠠᠷᠪᠢᠯᠠᠨ ᠭᠠᠮᠨᠠᠬᠤ ᠶᠢ ᠡᠷᠬᠢᠮᠯᠡᠵᠦ᠂ ᠪᠦᠷᠢᠯᠭᠡᠨ ᠰᠦᠢᠳᠭᠡᠬᠦ ᠶᠢ ᠡᠰᠡᠷᠬᠦᠴᠡᠬᠦ ᠭᠡᠷᠡᠭᠲᠡᠢ ᠭᠡᠵᠦ ᠱᠠᠭᠠᠷᠳᠠᠬᠰᠠᠨ ᠶᠤᠮ᠃ ᠡᠬᠦᠨ ᠤ ᠲᠠᠷᠠᠭ᠎ᠠ ᠪᠠᠷ᠂ ᠰᠢ ᠶᠢᠨ ᠫᠢᠩ ᠤᠯᠠᠨ ᠤᠳᠠᠭ᠎ᠠ ᠴᠢᠬᠤᠯᠠ ᠵᠢᠭᠠᠪᠤᠷᠢ ᠦᠭᠴᠦ᠂ ᠬᠠᠳᠠᠭᠤ ᠲᠦᠷᠢᠮ ᠤᠨ ᠬᠢᠵᠠᠭᠠᠷᠯᠠᠯ᠂ ᠴᠢᠩᠭ᠎ᠠ ᠲᠦᠷᠢᠮ ᠤᠨ ᠬᠡᠷᠡᠭᠵᠢᠬᠦᠯᠥᠯᠳᠡ᠂ ᠴᠢᠩᠭ᠎ᠠ ᠬᠢᠨᠠᠨ ᠪᠠᠶᠢᠴᠠᠭᠠᠯᠳᠠ᠂ ᠴᠢᠩᠭ᠎ᠠ ᠵᠠᠯᠬᠠᠭᠠᠨ ᠴᠡᠭᠡᠷᠯᠡᠬᠦᠯᠬᠦ ᠲᠤᠭᠳᠠᠴᠠ ᠪᠠᠷ ᠠᠯᠪᠠᠨ ᠤ ᠵᠤᠭᠤᠰᠤᠨ ᠤ ᠬᠡᠷᠡᠭᠯᠡᠭᠡ ᠳᠠᠬᠢ ᠡᠯ᠎ᠡ ᠵᠦᠢᠯ ᠤᠨ ᠲᠦᠷᠢᠮ ᠰᠠᠬᠢᠯᠭ᠎ᠠ ᠬᠠᠤᠯᠢ ᠠᠴᠠ ᠵᠦᠷᠢᠴᠡᠭᠰᠡᠡ ᠦᠵᠡᠭᠳᠡᠯ ᠢ ᠦᠨᠡᠨ ᠬᠦ ᠬᠤᠷᠢᠬᠯᠠᠬᠤ ᠬᠡᠷᠡᠭᠳᠡᠢ ᠬᠡᠵᠥ ᠱᠠᠭᠠᠷᠳᠠᠭᠰᠠᠠ ᠪᠦᠬᠡᠳ ᠬᠡᠰᠡᠭ ᠰᠤᠷᠭᠠᠭᠤᠯᠢ ᠳᠤ ᠤᠷᠤᠰᠢᠵᠥ ᠪᠠᠶᠢᠭ᠎ᠠ ᠢᠳᠡᠬᠡᠨ ᠢ ᠪᠦᠷᠢᠯᠬᠡᠨ ᠰᠦᠢᠳᠬᠡᠵᠥ ᠪᠠᠶᠢᠬᠤ ᠪᠠ ᠰᠤᠷᠤᠭᠴᠢᠳ ᠤᠨ ᠠᠷᠪᠢᠯᠠᠨ ᠭᠠᠮᠨᠠᠬᠤ ᠤᠬᠠᠮᠰᠠᠷ ᠲᠤᠳᠠᠮᠠᠭ ᠪᠠᠶᠢᠬᠤ ᠠᠰᠠᠭᠤᠳᠠᠯ ᠳᠤ ᠴᠢᠭᠯᠡᠬᠦᠯᠥᠨ᠂ ᠬᠦᠳᠦᠯᠥᠨ ᠵᠢᠯᠤᠭᠤᠳᠬᠤ ᠪᠠ ᠬᠠᠮᠢᠶᠠᠷᠬᠤ ᠪᠠᠨ ᠦᠨᠡᠨ ᠬᠦ ᠴᠢᠩᠭᠠᠳᠬᠠᠵᠥ᠂ ᠰᠤᠷᠤᠭᠴᠢᠳ ᠤᠨ ᠠᠷᠪᠢᠯᠠᠨ ᠭᠠᠮᠨᠠᠬᠤ ᠰᠠᠶᠢᠨ ᠰᠠᠶᠢᠬᠠᠨ ᠰᠤᠷᠳᠠᠯ ᠢ ᠬᠦᠮᠥᠵᠢᠬᠦᠯᠬᠦ ᠵᠡᠷᠬᠡ ᠲᠡᠯ᠎ᠡ ᠪᠠᠷ ᠲᠤᠳᠤᠷᠬᠠᠢ ᠱᠠᠭᠠᠷᠳᠠᠯᠭ᠎ᠠ ᠲᠤᠷᠠᠳᠤᠭᠰᠠᠠ ᠪᠠᠶᠢᠨ᠎ᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ ᠠᠴᠠ ᠨᠠᠭᠠᠰᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠠᠭᠤᠯᠭᠠᠬᠤ᠂ ︽ᠠᠷᠪᠢᠯᠠᠨ ᠭᠠᠮᠨᠠᠬᠤ︾ ᠠᠵᠢᠯᠯᠠᠭ᠎ᠠ ᠦᠷᠨᠢᠬᠦᠯᠬᠦ ᠵᠡᠷᠬᠡ ᠠᠷᠭ᠎ᠠ ᠬᠡᠮᠵᠢᠶ᠎ᠡ ᠠᠪᠴᠦ᠂ ᠪᠦᠷᠢᠯᠬᠡᠨ ᠰᠦᠢᠳᠬᠡᠬᠦ ᠰᠤᠷᠳᠠᠯ ᠢ ᠶᠡᠭᠡ ᠪᠠᠷ ᠴᠡᠭᠴᠡᠯᠡᠨ ᠵᠠᠰᠠᠭᠰᠠᠠ ᠢᠶᠠᠷ ︽ᠢᠳᠡᠬᠡᠨ ᠤᠮᠳᠠᠭᠠᠨ ᠢ ᠪᠦᠷᠢᠯᠬᠡᠨ ᠰᠦᠢᠳᠬᠡᠬᠦ︾ ᠦᠵᠡᠭᠳᠡᠯ ᠨᠡᠯᠢᠶᠡᠳ ᠦᠬᠡᠷᠡᠴᠢᠯᠡᠭᠳᠡᠵᠥ᠂ ᠢᠯᠠᠩᠭᠤᠶ᠎ᠠ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠯᠪᠠᠨ ᠤ ᠵᠤᠭᠤᠰ ᠢᠶᠠᠷ ᠢᠳᠡᠬᠡᠨ ᠤᠮᠳᠠᠭᠠᠨ ᠢ ᠪᠦᠷᠢᠯᠬᠡᠬᠦ ᠠᠵᠢᠯᠯᠠᠭ᠎ᠠ ᠪᠦᠳᠦᠮᠵᠢᠳᠡᠢ ᠬᠤᠷᠢᠬᠯᠠᠭᠳᠠᠪᠠ᠃ ᠡᠬᠦᠨ ᠤ ᠵᠡᠷᠬᠡ ᠪᠠᠷ᠂ ᠵᠠᠷᠢᠮ ᠭᠠᠵᠠᠷ ᠲᠤ ᠢᠳᠡᠬᠡᠨ ᠤᠮᠳᠠᠭᠠᠨ ᠢ ᠪᠦᠷᠢᠯᠬᠡᠨ ᠰᠦᠢᠳᠬᠡᠬᠦ ᠦᠵᠡᠭᠳᠡᠯ ᠮᠥᠨ ᠤᠷᠤᠰᠢᠵᠥ ᠪᠠᠶᠢᠬᠤ ᠪᠤᠯᠬᠤᠷ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠨᠡᠩ ᠬᠦᠴᠦᠳᠠᠢ ᠠᠷᠭ᠎ᠠ ᠬᠡᠮᠵᠢᠶ᠎ᠡ ᠶᠢ ᠲᠤᠭᠳᠠᠭᠠᠨ ᠬᠡᠷᠡᠭᠵᠢᠬᠦᠯᠵᠥ᠂ ᠪᠦᠬᠦ ᠨᠡᠶᠢᠬᠡᠮ ᠤᠨ ᠬᠢᠨ ᠤ ᠢᠳᠡᠬᠡᠨ ᠤᠮᠳᠠᠭᠠᠨ ᠢ ᠪᠦᠷᠢᠯᠬᠡᠨ ᠰᠦᠢᠳᠬᠡᠬᠦ ᠶᠢ ᠬᠤᠷᠢᠬᠯᠠᠬᠤ ᠠᠵᠢᠯ ᠢ ᠬᠦᠨᠵᠡᠬᠡᠢ ᠠᠬᠢᠭᠤᠯᠵᠥ ᠪᠠᠶᠢᠨ᠎ᠠ᠃    
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号