ᠨᠢᠭᠡ᠂ ᠡᠩ ᠤᠨ ᠤᠯᠠᠨ ᠲᠥᠮᠡᠨ ᠳᠤ ᠬᠠᠨᠲᠤᠭᠤᠯᠤᠭᠰᠠᠨ ᠮᠡᠳᠡᠯᠭᠡ | 1᠂ ᠶᠠᠭᠤ ᠶᠢ ᠬᠤᠯᠤᠭᠠᠨ᠎ᠠ ᠶᠢᠨ ᠬᠢᠵᠢᠭ ᠭᠡᠬᠦ ᠪᠤᠢ︖ | ᠬᠤᠯᠤᠭᠠᠨ᠎ᠠ ᠶᠢᠨ ᠬᠢᠵᠢᠭ ᠪᠤᠯ ᠬᠤᠯᠤᠭᠠᠨ᠎ᠠ ᠶᠢᠨ ᠬᠢᠵᠢᠭ ᠤᠨ ᠰᠠᠪᠬᠠᠨᠴᠢᠷ ᠪᠠᠺᠲ᠋ᠧᠷᠢ ᠠᠴᠠ ᠡᠬᠦᠰᠥᠭᠰᠡᠨ | ᠨᠢᠭᠡ ᠵᠥᠢᠯ ᠤᠨ ᠡᠪᠡᠳᠴᠢᠨ ᠡᠬᠦᠰᠭᠦ ᠨᠢ ᠲᠥᠷᠭᠡᠨ᠂ ᠬᠠᠯᠲᠠᠪᠤᠷᠢᠯᠠᠬᠤ ᠴᠢᠨᠠᠷ ᠢᠶᠠᠷ ᠴᠢᠩᠭ᠎ᠠ᠂ ᠥᠬᠦᠬᠦ ᠨᠤᠷᠮ᠎ᠠ ᠪᠠᠷ | ᠥᠨᠲᠤᠷ ᠬᠠᠯᠲᠠᠪᠤᠷᠢᠲᠤ ᠡᠪᠡᠳᠴᠢᠨ ᠪᠤᠯᠤᠨ᠎ᠠ᠃ ︽ᠪᠥᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ | ᠬᠠᠯᠲᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠳᠤ ᠬᠤᠯᠤᠭᠠᠨ᠎ᠠ ᠶᠢᠨ ᠬᠢᠵᠢᠭ ᠢ ᠬᠦᠭᠡ ᠲᠥᠷᠥᠯ ᠤᠨ | ᠬᠠᠯᠲᠠᠪᠤᠷᠢᠲᠤ ᠡᠪᠡᠳᠴᠢᠨ ᠢᠶᠠᠷ ᠵᠢᠭᠰᠠᠭᠠᠵᠠᠢ᠃ | 2᠂ ᠬᠤᠯᠤᠭᠠᠨ᠎ᠠ ᠶᠢᠨ ᠬᠢᠵᠢᠭ ᠤᠨ ᠭᠤᠤᠯ ᠬᠠᠯᠲᠠᠪᠤᠷᠢᠯᠠᠬᠤ ᠰᠤᠷᠪᠤᠯᠵᠢ ᠪᠤᠯᠤᠨ ᠬᠠᠯᠲᠠᠪᠤᠷᠢᠯᠠᠬᠤ ᠵᠠᠮ ᠨᠢ | ᠶᠠᠭᠤ ᠪᠤᠢ︖ | ᠬᠤᠯᠤᠭᠠᠨ᠎ᠠ ᠶᠢᠨ ᠬᠢᠵᠢᠭ ᠤᠨ ᠰᠠᠪᠬᠠᠨᠴᠢᠷ ᠪᠠᠺᠲ᠋ᠧᠷᠢ ᠳᠤ ᠨᠡᠷᠪᠡᠭᠳᠡᠬᠦ ᠬᠤᠯᠤᠭᠠᠨ᠎ᠠ ᠶᠢᠨ ᠲᠥᠷᠥᠯ ︵ | ᠲᠠᠷᠪᠠᠭ᠎ᠠ︶᠂ ᠭᠡᠭᠡᠷ᠎ᠠ ᠶᠢᠨ ᠲᠠᠤᠯᠠᠢ᠂ ᠥᠨᠡᠭᠡ᠂ ᠴᠢᠨ᠋ᠸ᠎ᠠ᠂ ᠨᠤᠬᠠᠢ᠂ ᠮᠤᠤᠷ᠂ ᠵᠡᠭᠡᠷ᠎ᠠ ᠵᠡᠷᠭᠡ ᠠᠮᠢᠲᠠᠨ ᠪᠤᠯ | ᠬᠤᠯᠤᠭᠠᠨ᠎ᠠ ᠶᠢᠨ ᠬᠢᠵᠢᠭ ᠤᠨ ᠭᠤᠤᠯ ᠬᠢᠵᠢᠭ ᠬᠠᠯᠳᠠᠪᠤᠷᠢᠯᠠᠬᠤ ᠠᠮᠢᠲᠠᠨ ᠮᠥᠨ᠂ ᠪᠠᠰᠠ ᠴᠥ ᠬᠢᠵᠢᠭ ᠤᠨ | ᠰᠤᠷᠪᠤᠯᠵᠢ ᠶᠢᠨ ᠠᠮᠢᠲᠠᠨ ᠬᠡᠲᠡᠭ᠃ ᠬᠤᠯᠤᠭᠠᠨ᠎ᠠ ᠶᠢᠨ ᠬᠢᠵᠢᠭ ᠨᠢ ᠪᠠᠰᠠ ᠠᠭᠤᠰᠬᠢᠨ ᠤ ᠬᠤᠯᠤᠭᠠᠨ᠎ᠠ ᠶᠢᠨ | ᠬᠢᠵᠢᠭ ᠤᠨ ᠡᠪᠡᠳᠴᠢᠲᠠᠨ ᠢᠶᠠᠷ ᠲᠠᠮᠵᠢᠭᠤᠯᠤᠨ ᠬᠥᠮᠥᠨ ᠳᠤ ᠬᠠᠯᠲᠠᠪᠤᠷᠢᠯᠠᠨ᠎ᠠ᠃ | ᠡᠲᠥᠷ ᠲᠤᠲᠤᠮ ᠤᠨ ᠥᠢᠯᠡᠳᠪᠤᠷᠢᠯᠠᠯ ᠠᠮᠢᠲᠤᠷᠠᠯ ᠲᠤᠮᠲᠠ ᠬᠤᠯᠤᠭᠠᠨ᠎ᠠ ᠶᠢᠨ ᠬᠢᠵᠢᠭ ᠬᠠᠯᠲᠠᠪᠤᠷᠢᠯᠠᠬᠤ ᠭᠤᠤᠯ | ᠪᠤᠯᠬᠤ ᠵᠠᠮ ᠳᠤ᠄ ᠨᠢᠭᠡ ᠨᠢ ᠨᠤᠬᠠᠢ ᠶᠢᠨ ᠪᠥᠭᠡᠰᠥᠨ ᠳᠤ ᠬᠠᠵᠠᠭᠲᠠᠬᠤ ᠪᠠᠷ ᠲᠠᠮᠵᠢᠨ ᠬᠠᠯᠲᠠᠪᠤᠷᠢᠯᠡᠨᠠ᠃ | ᠨᠤᠬᠠᠢ ᠶᠢᠨ ᠪᠥᠭᠡᠰᠥ ᠨᠢ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠤᠨ ᠪᠤᠶᠤ ᠬᠤᠯᠤᠭᠠᠨ᠎ᠠ ᠶᠢᠨ ᠬᠢᠵᠢᠭ ᠲᠤ | ᠨᠡᠷᠪᠡᠭᠳᠡᠭᠰᠡᠨ ᠠᠮᠢᠲᠠᠨ ᠢ ᠬᠠᠵᠠᠭᠰᠠᠨ ᠤ ᠲᠠᠷᠠᠭ᠎ᠠ᠂ ᠲᠠᠬᠢᠨ ᠬᠥᠮᠥᠨ ᠢ ᠬᠠᠵᠠᠪᠠᠯ᠂ ᠬᠥᠮᠥᠨ ᠳᠤ ᠡᠨᠡ ᠬᠦ | ᠡᠪᠡᠳᠴᠢᠨ ᠤ ᠪᠠᠺᠲ᠋ᠧᠷᠢ ᠬᠠᠯᠲᠠᠪᠤᠷᠢᠯᠠᠨ᠎ᠠ᠃ ᠬᠤᠶᠠᠷ ᠲᠤ ᠰᠢᠭᠤᠳ ᠬᠥᠷᠥᠯᠴᠡᠬᠦ ᠪᠠᠷ ᠲᠠᠮᠵᠢᠭᠤᠯᠤᠨ | ᠬᠠᠯᠲᠠᠪᠤᠷᠢᠯᠠᠨ᠎ᠠ᠃ ᠬᠥᠮᠥᠰ ᠠᠪᠠ ᠠᠩᠨᠠᠬᠤ᠂ ᠠᠯᠠᠵᠥ ᠨᠢᠲᠤᠯᠬᠤ᠂ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠨ | ᠠᠮᠢᠲᠠᠨ ᠢ ᠰᠢᠢᠳᠪᠤᠷᠢᠯᠡᠬᠦ ᠥᠶ᠎ᠠ ᠬᠤᠯᠤᠭᠠᠨ᠎ᠠ ᠶᠢᠨ ᠬᠢᠵᠢᠭ ᠤᠨ ᠰᠠᠪᠬᠠᠨᠴᠢᠷ ᠪᠠᠺᠲ᠋ᠧᠷᠢ ᠨᠢ ᠬᠥᠮᠥᠰ ᠤᠨ ᠠᠷᠠᠰᠥᠨ | ᠲᠡᠭᠡᠷᠡᠬᠢ ᠰᠢᠷᠬ᠎ᠠ ︵ᠲᠥᠢᠯ ᠤᠨ ᠵᠢᠵᠢᠭ ᠰᠢᠷᠬ᠎ᠠ︶ ᠪᠠᠷ ᠲᠠᠮᠵᠢᠨ ᠬᠥᠮᠥᠨ ᠤ ᠪᠡᠶ᠎ᠠ ᠳᠤ ᠤᠷᠤᠵᠥ᠂ ᠬᠥᠮᠥᠰ ᠲᠤ | ᠬᠠᠯᠲᠠᠪᠤᠷᠢᠯᠠᠨ᠎ᠠ᠃ ᠭᠤᠷᠪᠠ ᠳᠤ ᠰᠢᠯᠥᠰᠥ ᠪᠠᠷ ᠲᠠᠮᠵᠢᠭᠤᠯᠤᠨ ᠬᠠᠯᠲᠠᠪᠤᠷᠢᠯᠠᠨ᠎ᠠ᠃ ᠠᠭᠤᠰᠬᠢᠨ ᠤ ᠬᠤᠯᠤᠭᠠᠨ᠎ᠠ ᠶᠢᠨ | ᠬᠢᠵᠢᠭ ᠤᠨ ᠡᠪᠡᠳᠴᠢᠲᠠᠨ ᠪᠤᠶᠤ ᠠᠮᠢᠲᠠᠨ ᠠᠮᠢᠰᠬᠤᠬᠤ᠂ ᠬᠠᠨᠢᠶᠠᠬᠤ ᠵᠡᠷᠭᠡ ᠪᠠᠷ ᠲᠠᠮᠵᠢᠭᠤᠯᠤᠨ ᠬᠤᠯᠤᠭᠠᠨ᠎ᠠ ᠶᠢᠨ | ᠬᠢᠵᠢᠭ ᠤᠨ ᠰᠠᠪᠬᠠᠨᠴᠢᠷ ᠪᠠᠺᠲ᠋ᠧᠷᠢ ᠶᠢ ᠡᠷᠭᠢᠨ ᠲᠤᠭᠤᠷᠢᠨ ᠤ ᠠᠭᠠᠷ ᠲᠤ ᠲᠠᠷᠬᠠᠭᠠᠵᠦ᠂ ᠠᠭᠤᠰᠬᠢᠨ ᠤ | ᠬᠤᠯᠤᠭᠠᠨ᠎ᠠ ᠶᠢᠨ ᠬᠢᠵᠢᠭ ᠢ ᠲᠠᠮᠵᠢᠭᠤᠯᠤᠨ᠎ᠠ᠃ | |